︽ᠮᠥᠩᠬᠡ ᠰᠤᠪᠠᠭ᠂ ᠨᠢᠭᠡ ᠯᠡ ᠤᠳᠠᠭ᠎ᠠ ᠳᠤ ᠬᠦᠢᠴᠡᠳᠬᠡᠬᠦ︾ ᠠᠵᠢᠯ ᠢ ᠳᠥᠯᠭᠢᠨ ᠠᠬᠢᠭᠤᠯᠬᠤ ᠬᠤᠷᠠᠯ
ᠨᠡᠶᠢᠲᠡᠯᠡᠭᠰᠡᠨ ᠴᠠᠭ᠄
2021/12/23
     ︽ᠮᠥᠩᠬᠡ ᠰᠤᠪᠠᠭ᠂ ᠨᠢᠭᠡ ᠯᠡ ᠤᠳᠠᠭ᠎ᠠ ᠳᠤ ᠭᠦᠶᠴᠡᠳᠬᠡᠬᠦ︾ ᠠᠵᠢᠯ ᠢ ᠨᠠᠩ ᠰᠠᠶᠢᠲᠤᠷ ᠪᠡᠶᠡᠯᠡᠭᠦᠯᠬᠦ ᠶᠢᠨ ᠲᠥᠯᠥᠭᠡ᠂ ᠡᠵᠡᠨ ᠬᠤᠷᠤᠭ᠎ᠠ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠨᠢᠭᠡᠨᠲᠡ 49 ︽ᠮᠥᠩᠬᠡ ᠰᠤᠪᠠᠭ᠂ ᠨᠢᠭᠡ ᠯᠡ ᠤᠳᠠᠭ᠎ᠠ ᠳᠤ ᠭᠦᠶᠴᠡᠳᠬᠡᠬᠦ︾ ᠵᠦᠶᠯᠡᠰ ᠢ ᠠᠩᠬ᠎ᠠ ᠠᠯᠬᠤᠮ ᠡᠮᠬᠢᠯᠡᠨ ᠳᠢᠭᠯᠡᠵᠦ᠂ ᠠᠵᠢᠯ ᠤᠨ ᠬᠡᠷᠡᠭᠵᠢᠭᠦᠯᠬᠦ ᠲᠥᠰᠦᠯ ᠢ ᠲᠤᠭᠤᠷᠪᠢᠨ ᠲᠣᠭᠲᠠᠭᠠᠵᠤ᠂ 12 ᠰᠠᠷ᠎ᠠ ᠶᠢᠨ 9᠎ ᠤ ᠡᠳᠦᠷ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠳᠤ ᠬᠤᠷᠠᠯᠳᠤᠵᠤ᠂ ᠬᠤᠷᠠᠯ ᠳᠤ ᠣᠷᠣᠯᠴᠠᠭᠰᠠᠨ ᠨᠢᠬᠡᠴᠢ ᠳᠤ ᠬᠤᠰᠢᠭᠤᠨ ᠤ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠎ ᠶᠢᠨ ᠲᠣᠪᠴᠢᠶ᠎ᠠ᠂ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ᠂ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠨᠠᠪᠴᠢᠨ ᠲᠠᠮᠠᠬᠢ ᠲᠤᠰᠬᠠᠶ ᠬᠤᠳᠠᠯᠳᠤᠬᠤ ᠲᠣᠪᠴᠢᠶ᠎ᠠ᠂ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠵᠡᠷᠭᠡ ᠬᠠᠮᠢᠶ᠎ᠠ ᠪᠥᠬᠦᠶ ᠲᠤᠬᠠᠶᠢᠯᠠᠭᠰᠠᠨ ᠠᠵᠢᠯᠳᠠᠨ᠂ ᠬᠤᠷᠠᠯ ᠠᠴᠠ ᠬᠡᠷᠡᠭᠵᠢᠬᠦᠯᠬᠦ ᠲᠦᠰᠦᠯ ᠳᠤ ᠰᠠᠨᠠᠯ ᠬᠤᠷᠢᠶᠠᠪᠠ᠃ ᠭᠠᠳᠠᠨᠠᠬᠢ ᠵᠠᠷ ᠮᠡᠳᠡᠭᠡᠨ ᠤ ᠬᠠᠮᠢᠶᠠᠷᠤᠯᠲᠠ ᠶᠢᠨ ᠠᠯᠪᠠᠨ ᠭᠡᠷ ᠮᠠᠨ ᠤ ᠰᠠᠯᠠᠭ᠎ᠠ ᠮᠥᠴᠢᠷ ᠲᠤ ᠬᠤᠯᠪᠣᠭᠳᠠᠬᠤ ᠵᠦᠶᠯᠡᠰ ᠢ ᠡᠮᠬᠢᠯᠡᠵᠦ᠂ ᠬᠢᠨᠠᠨ ᠵᠥᠪᠰᠢᠶᠡᠷᠡᠬᠦ ᠮᠠᠲ᠋ᠧᠷᠢᠶᠠᠯ ᠢ ᠴᠣᠮᠬᠠᠳᠬᠠᠵᠤ᠂ ᠠᠵᠢᠯ ᠶᠠᠪᠤᠳᠠᠯ ᠭᠦᠶᠴᠡᠳᠬᠡᠬᠦ ᠶᠠᠪᠤᠴᠠ ᠶᠢ ᠲᠦᠬᠦᠮᠴᠢᠯᠡᠪᠡ᠃
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号