| | ᠲᠥᠪ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠤᠨ ᠬᠤᠲᠠ ᠶᠢᠨ ᠨᠠᠮ ᠤᠨ | ᠬᠤᠷᠢᠶᠠᠨ ᠤ ᠦᠨᠳᠦᠰᠦᠲᠡᠨ ᠤ ᠠᠵᠢᠯ ᠤᠨ ᠬᠤᠷᠠᠯᠳᠤᠭᠠᠨ ᠤ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠦᠬᠦ ᠲᠠᠯ᠎ᠠ | ᠪᠠᠷ ᠪᠠᠲᠤ ᠪᠠᠬᠢ ᠪᠣᠢ ᠪᠤᠯᠭᠠᠨ᠂ ᠰᠦᠨ ᠤ ᠠᠵᠤ ᠦᠢᠯᠡᠰ ᠢ ᠪᠦᠬᠦ ᠬᠦᠴᠦᠨ ᠢᠶᠠᠷ ᠢᠶᠠᠨ ᠬᠥᠭᠵᠢᠭᠦᠯᠦᠨ | ᠮᠠᠨᠳᠤᠭᠤᠯᠵᠤ᠂ ᠮᠠᠯᠴᠢᠨ ᠲᠠᠷᠢᠶᠠᠴᠢᠨ ᠰᠢᠨᠡᠮᠡᠷᠭᠡᠵᠢᠯ ᠢᠶᠠᠷ ᠣᠨᠴᠠᠯᠢᠭᠲᠤ ᠠᠵᠤ ᠦᠢᠯᠡᠰ ᠢ ᠬᠥᠭᠵᠢᠭᠦᠯᠵᠦ᠂ ᠬᠡᠪ | ᠪᠣᠯᠪᠠᠰᠤᠷᠠᠯ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠪᠠᠶᠢᠯᠳᠤᠬᠤ ᠪᠣᠳᠣᠯᠭ᠎ᠠ ᠶᠢᠨ ᠬᠡᠷᠡᠭᠵᠢᠭᠦᠯᠦᠯᠲᠡ ᠶᠢ ᠯᠠᠪᠳᠠᠭᠤᠨ ᠪᠠᠲᠤᠲᠠᠢ ᠰᠠᠶᠢᠲᠤᠷ ᠬᠢᠬᠦ ᠶᠢᠨ ᠲᠦᠯᠦᠭᠡ᠂ 12 | ᠳ᠋ᠤᠭᠠᠷ ᠰᠠᠷ᠎ᠠ ᠶᠢᠨ12 ᠤᠨᠡᠳᠦᠷ᠂ ᠤᠷᠳᠤᠰ ᠬᠤᠲᠠ ᠶᠢᠨ ᠦᠨᠳᠦᠰᠦᠲᠡᠨ ᠤ ᠬᠡᠷᠡᠭ ᠡᠷᠬᠢᠯᠡᠬᠦ ᠵᠦᠪᠯᠡᠯ ᠠᠴᠠ | ᠭᠤᠤᠯᠯᠠᠨ ᠡᠷᠬᠢᠯᠡᠵᠤ᠂ ᠡᠵᠡᠨ ᠬᠤᠷᠤᠭ᠎ᠠ ᠬᠤᠰᠢᠭᠤᠨ ᠤ ᠦᠨᠳᠦᠰᠦᠲᠡᠨ ᠤ ᠬᠡᠷᠡᠭ ᠡᠷᠬᠢᠯᠡᠬᠦ ᠵᠦᠪᠯᠡᠯ ᠠᠴᠠ | ᠳᠠᠭᠠᠭᠠᠴᠢᠯᠠᠨ ᠡᠷᠬᠢᠯᠡᠭᠰᠡᠨ ᠤᠷᠳᠤᠰ ᠬᠤᠲᠠ ᠶᠢᠨ ᠰᠦᠨ ᠤ ᠦᠢᠯᠡᠰ ᠢ ᠴᠢᠨᠠᠷ ᠰᠠᠶᠢᠲᠠᠢ ᠬᠦᠭᠵᠢᠭᠦᠯᠬᠦ ᠪᠤᠯᠪᠠᠰᠤᠷᠠᠯ | ᠤᠷᠳᠤᠰ ᠬᠤᠲᠠ ᠶᠢᠨ ᠴᠦᠭᠡᠨ ᠲᠤᠭᠠᠲᠤ ᠦᠨᠳᠦᠰᠦᠲᠡᠨ ᠤ ᠰᠤᠶᠤᠯ ᠤᠨ ᠰᠤᠯᠢᠯᠴᠠᠭᠠᠨ ᠤ ᠲᠦᠪ ᠲᠤ | ᠡᠬᠢᠯᠡᠯᠲᠡ ᠶᠢᠨ ᠶᠤᠰᠤᠯᠠᠯ ᠪᠠᠨ ᠬᠢᠵᠡᠢ᠃ | ᠲᠤᠰ ᠤᠳᠠᠭᠠᠨ ᠤ ᠪᠤᠯᠪᠠᠰᠤᠷᠠᠯ ᠤᠨ ᠠᠩᠭᠢ ᠨᠢ 12 ᠳ᠋ᠤᠭᠠᠷ ᠰᠠᠷ᠎ᠠ ᠶᠢᠨ 12 ᠤᠨ ᠡᠳᠦᠷ ᠠᠴᠠ 16 ᠤ | ᠡᠳᠦᠷ ᠬᠦᠷᠲᠡᠯ᠎ᠡ ᠬᠢᠴᠢᠶᠡᠯᠯᠡᠭᠡ ᠬᠢᠵᠦ᠂ ᠪᠤᠯᠪᠠᠰᠤᠷᠠᠯ ᠨᠢ ᠤᠯᠤᠰ ᠤᠨ ᠬᠤᠶᠠᠳᠤᠭᠠᠷ ᠳᠡᠰ ᠤᠨ ᠫᠷᠤᠹᠧᠰᠰᠤᠷ᠂ | ᠰᠢᠯᠢ ᠶᠢᠨ ᠭᠤᠤᠯ ᠠᠶᠢᠮᠠᠭ ᠤᠨ ᠤᠯᠠᠮᠵᠢᠯᠠᠯᠲᠤ ᠴᠠᠭᠠᠨ ᠢᠳᠡᠭᠡᠨ ᠤ ᠨᠡᠶᠢᠬᠡᠮᠯᠢᠭ ᠤᠨ ᠡᠷᠬᠢᠯᠡᠭᠴᠢ ᠤᠯᠠᠭᠠᠨ ᠪᠠᠭᠰᠢ᠂ | ᠦᠪᠦᠷ ᠮᠤᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠠᠰᠹᠷᠠᠨᠲ ᠤᠨ ᠵᠢᠯᠤᠭᠤᠳᠤᠭᠴᠢ ᠪᠠᠭᠰᠢ ᠬᠠᠨ ᠴᠧᠩ | ᠹᠦ᠋᠂ ᠤᠤᠯ ᠤᠨ ᠦᠪᠡᠷᠲᠡᠭᠡᠨ ᠵᠠᠰᠠᠬᠤ ᠤᠷᠤᠨ ᠤ ᠢᠳᠡᠭᠡᠨ ᠪᠠ ᠡᠮ ᠤᠨ ᠵᠦᠢᠯ ᠢ ᠪᠠᠶᠢᠴᠠᠭᠠᠬᠤ ᠶᠡᠷᠦᠩᠬᠡᠢ | ᠠᠩᠭᠢ ᠶᠢᠨ ᠳᠡᠳ᠋ ᠳᠠᠷᠤᠭ᠎ᠠ ᠸᠠᠩ ᠴᠢ ᠲᠢᠶᠠᠨ ᠵᠡᠷᠭᠡ ᠦᠨᠳᠦᠰᠦᠲᠡᠨ ᠤ ᠤᠯᠠᠮᠵᠢᠯᠠᠯᠲᠤ ᠴᠠᠭᠠᠨ ᠢᠳᠡᠭᠡᠨ ᠤ | ᠦᠢᠯᠡᠰ ᠢ ᠬᠦᠭᠵᠢᠭᠦᠯᠬᠦ ᠲᠠᠯ᠎ᠠ ᠪᠠᠷ ᠳᠤᠷᠰᠢᠯᠭ᠎ᠠ ᠲᠠᠢ᠂ ᠦᠢᠯᠡᠳᠦᠯᠭᠡ ᠶᠢᠨ ᠪᠠᠶᠠᠯᠢᠭ ᠬᠤᠷᠠᠮᠳᠤᠭᠤᠯᠭᠠᠲ᠋ᠠᠢ᠂ ᠵᠠᠬ᠎ᠠ | ᠳᠡᠯᠭᠡᠭᠦᠷ ᠤᠨ ᠬᠠᠤᠯᠢ ᠳᠦᠷᠢᠮ ᠢ ᠤᠶᠢᠯᠠᠭᠠᠵᠤ ᠮᠡᠳᠡᠳᠡᠭ ᠪᠠᠭᠰᠢ ᠶᠢ ᠲᠤᠰᠬᠠᠶᠢᠯᠠᠨ ᠤᠷᠢᠵᠤ᠂ ᠤᠨᠤᠯ ᠤᠨ | ᠵᠢᠯᠤᠭᠤᠳᠤᠯᠭ᠎ᠠ ᠬᠢᠬᠦ ᠪᠠᠷ ᠪᠠᠷᠠᠬᠤ ᠦᠭᠡᠢ᠂ ᠡᠵᠡᠨ ᠬᠤᠷᠤᠭ᠎ᠠ ᠬᠤᠰᠢᠭᠤ᠂ ᠦᠤᠰᠢᠨ ᠬᠤᠰᠢᠭᠤ᠂ ᠤᠲᠤᠭ ᠤᠨ | ᠡᠮᠦᠨᠡᠲᠤ ᠬᠤᠰᠢᠭᠤ᠂ ᠤᠲᠤᠭ ᠬᠤᠰᠢᠭᠤ ᠵᠡᠷᠭᠡ ᠬᠤᠰᠢᠭᠤ ᠱᠠᠳᠤᠨ ᠳᠤ ᠰᠦᠨ ᠤ ᠦᠢᠯᠡᠰ ᠡᠷᠬᠢᠯᠡᠵᠦ ᠪᠠᠶᠢᠭ᠎ᠠ | ᠦᠢᠯᠡᠳᠪᠦᠷᠢ ᠳᠤ ᠬᠦᠷᠴᠤ᠂ ᠪᠡᠶ᠎ᠡ ᠪᠠᠷ ᠵᠶ᠋ᠡᠨᠤᠶᠢᠯᠠᠭᠠᠬᠤ ᠬᠢᠴᠢᠶᠡᠯᠯᠡᠭᠡᠶᠠᠪᠤᠭᠳᠠᠭᠤᠯᠬᠤ ᠪᠠᠷ ᠪᠠᠶᠢᠨ᠎ᠠ᠃ ᠲᠤᠰ | ᠤᠳᠠᠭᠠᠨ ᠤ ᠪᠤᠯᠪᠠᠰᠤᠷᠠᠯ ᠳᠤ ᠡᠯ᠎ᠡ ᠬᠤᠰᠢᠭᠤ ᠱᠠᠲᠤᠨ ᠤ 60 ᠢᠯᠡᠭᠦᠤ ᠮᠠᠯᠴᠢᠳ ᠪᠤᠯᠪᠠᠰᠤᠷᠠᠯ ᠳᠤ ᠤᠷᠤᠯᠴᠠᠭᠰᠠᠨ | ᠪᠠᠶᠢᠨ᠎ᠠ᠃ | |