ᠡᠵᠡᠨ ᠬᠤᠷᠤᠭ᠎ᠠ ᠬᠤᠰᠢᠭᠤᠨ ᠤ ᠨᠠᠷᠢᠨᠳᠤᠬᠤᠢ ᠲᠤᠮᠢᠯᠠᠭᠰᠠᠨ ᠭᠠᠵᠠᠷ ᠬᠤᠤᠷ ᠲᠠᠲᠠᠭᠰᠠᠳ ᠲᠠᠢ ᠤᠴᠠᠷᠠᠨ ᠵᠤᠯᠭᠠᠵᠤ ᠬᠠᠷᠭᠤᠭᠤᠯᠤᠨ ᠪᠠᠶᠢᠴᠠᠭᠠᠬᠤ ᠠᠵᠢᠯ ᠢ ᠢᠳᠡᠪᠬᠢᠳᠡᠢ ᠦᠷᠨᠢᠬᠦᠯᠪᠡ
ᠨᠡᠶᠢᠲᠡᠯᠡᠭᠰᠡᠨ ᠴᠠᠭ᠄
2021/12/23
     ᠲᠠᠩᠰᠠᠨ ᠳᠤ ᠪᠠᠶᠢᠭ᠎ᠠ ᠬᠤᠤᠷ ᠲᠠᠳᠠᠭᠰᠠᠳ ᠢ ᠬᠠᠮᠢᠶᠠᠷᠤᠨ ᠡᠵᠡᠮᠳᠡᠬᠦ ᠠᠵᠢᠯ ᠢ ᠤᠯᠠᠮ ᠨᠢᠭᠡ ᠠᠯᠬᠤᠮ ᠵᠢᠷᠤᠮᠵᠢᠭᠤᠯᠤᠨ᠂ ᠬᠤᠤᠷ ᠲᠠᠲᠠᠭᠰᠠᠳ ᠢ ᠬᠠᠮᠢᠶᠠᠷᠤᠨ ᠡᠵᠡᠮᠳᠡᠬᠦ ᠴᠢᠳᠠᠪᠤᠷᠢ ᠶᠢ ᠬᠠᠮᠤᠭ ᠤᠨ ᠶᠡᠭᠡ ᠬᠡᠮᠵᠢᠶ᠎ᠡ ᠪᠠᠷ ᠳᠡᠭᠡᠭᠰᠢᠯᠡᠭᠦᠯᠵᠦ᠂ ᠬᠤᠤᠷᠲᠤ ᠡᠳ᠋ ᠤᠨ ᠨᠡᠶᠢᠭᠡᠮ ᠳᠠᠬᠢ ᠬᠤᠤᠷ ᠬᠥᠨᠥᠭᠡᠯ ᠢ ᠪᠠᠭᠠᠰᠬᠠᠵᠤ ᠨᠡᠶᠢᠭᠡᠮ ᠤᠨ ᠲᠣᠭᠲᠠᠭᠤᠨ ᠪᠠᠶᠢᠳᠠᠯ ᠢ ᠬᠠᠮᠠᠭᠠᠯᠠᠬᠤ ᠶᠢᠨ ᠲᠥᠯᠥᠭᠡ᠂ ᠣᠶᠢᠷ᠎ᠠ ᠳᠤ ᠡᠵᠡᠨ ᠬᠤᠷᠤᠭ᠎ᠠ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠨᠠᠷᠢᠨᠳᠤᠬᠤᠶ ᠲᠣᠮᠢᠯᠠᠭᠰᠠᠨ ᠭᠠᠵᠠᠷ ᠨᠢ ᠬᠤᠤᠷ ᠲᠠᠲᠠᠭᠰᠠᠳ ᠲᠠᠢ ᠤᠴᠠᠷᠠᠨ ᠵᠤᠯᠭᠠᠵᠤ ᠬᠠᠷᠭᠤᠭᠤᠯᠤᠨ ᠪᠠᠶᠢᠴᠠᠭᠠᠬᠤ ᠠᠵᠢᠯ ᠢ ᠦᠷᠨᠢᠬᠦᠯᠪᠡ᠃ ᠠᠷᠠᠳ ᠤᠨ ᠴᠠᠭᠳᠠᠭ᠎ᠠ ᠨᠠᠷ ᠲᠤᠰᠬᠤᠨ ᠤ ᠵᠥᠪᠯᠡᠯ᠂ ᠲᠦᠷᠦᠯ ᠰᠠᠳᠤᠨ ᠵᠡᠷᠭᠡ ᠬᠠᠷᠢᠴᠠᠭ᠎ᠠ ᠪᠠᠷ ᠳᠠᠮᠵᠢᠭᠤᠯᠤᠨ ᠬᠤᠤᠷ ᠲᠠᠲᠠᠭᠰᠠᠳ ᠪᠤᠶᠤ ᠭᠡᠷ ᠪᠦᠯᠢ ᠶᠢᠨ ᠬᠢᠨ ᠲᠠᠢ ᠨᠢ ᠨᠢᠭᠤᠷᠳᠠᠨ ᠵᠤᠯᠭᠠᠵᠤ᠂ ᠲᠤᠰ ᠬᠦᠮᠦᠨ ᠤ ᠤᠳᠤᠬᠢ ᠪᠤᠳᠠᠳᠤ ᠪᠠᠶᠢᠳᠠᠯ ᠢ ᠤᠢᠢᠯᠠᠭᠠᠨ ᠳᠠᠩᠰᠠᠯᠠᠵᠤ᠂ ᠬᠥᠮᠦᠨ ᠪᠦᠷᠢ ᠶᠢᠨ ᠰᠢᠭᠡᠰᠦᠨ ᠳᠤ ᠪᠠᠶᠢᠴᠠᠭᠠᠯᠳᠠ ᠬᠢᠪᠡ᠃ ᠡᠭᠦᠨ ᠤ ᠬᠠᠮᠲᠤ ᠲᠡᠳᠡᠨ ᠤ ᠪᠡᠶ᠎ᠡ ᠮᠠᠬᠠᠪᠣᠳ᠂ ᠠᠵᠢᠯ ᠠᠮᠢᠳᠤᠷᠠᠯ ᠤᠨ ᠪᠠᠶᠢᠳᠠᠯ ᠢ ᠨᠠᠷᠢᠨ ᠣᠶᠢᠯᠠᠭᠠᠵᠤ᠂ ᠲᠡᠳᠡᠨ ᠳᠤ ᠬᠤᠤᠷᠲᠤ ᠡᠳ᠋ ᠤᠨ ᠬᠤᠤᠷ ᠬᠥᠨᠥᠭᠡᠯ ᠢ ᠦᠷᠭᠦᠯᠵᠢᠯᠡᠨ ᠤᠬᠠᠭᠤᠯᠤᠨ ᠲᠠᠶᠢᠯᠪᠤᠷᠢᠯᠠᠵᠤ᠂ ᠲᠡᠳᠡᠨ ᠢ ᠵᠣᠷᠢᠭ ᠰᠢᠭᠤᠳᠤᠨ ᠬᠤᠤᠷᠲᠤ ᠡᠳ᠋ ᠠᠴᠠ ᠬᠤᠯᠠᠳᠠᠵᠤ᠂ ᠠᠮᠢ ᠨᠠᠰᠤ ᠪᠠᠨ ᠬᠠᠶᠢᠷᠠᠯᠠᠨ ᠠᠮᠢᠳᠤᠷᠠᠯ ᠢᠶᠠᠨ ᠨᠠᠨᠳᠢᠩᠨᠠᠬᠤ ᠬᠡᠷᠡᠭᠲᠡᠶ ᠭᠡᠵᠦ ᠵᠣᠷᠢᠭᠵᠢᠭᠤᠯᠤᠭᠰᠠᠨ ᠪᠠᠶᠢᠨ᠎ᠠ᠃ ᠲᠤᠰ ᠤᠳᠠᠭᠠᠨ ᠤ ᠪᠠᠶᠢᠴᠠᠭᠠᠯᠳᠠ ᠪᠠᠷ ᠲᠠᠮᠵᠢᠨ ᠬᠤᠣᠷ ᠲᠠᠲᠠᠭᠰᠠᠳ ᠲᠠᠬᠢ ᠬᠠᠮᠢᠶᠠᠷᠤᠯᠲᠠ ᠶᠢᠨ ᠣᠨᠣᠪᠴᠢᠲᠤ ᠴᠢᠨᠠᠷ ᠪᠠ ᠬᠠᠨᠳᠤᠯᠭᠠᠲᠤ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠤᠤᠷ ᠲᠠᠲᠠᠭᠰᠠᠳ ᠤᠨ ᠪᠠᠶᠢᠳᠠᠯ ᠢ ᠪᠥᠬᠦ ᠲᠠᠯ᠎ᠠ ᠪᠠᠷ᠂ ᠣᠨᠣᠪᠴᠢᠲᠠᠶ ᠣᠶᠢᠯᠠᠭᠠᠬᠤ ᠳᠤ ᠠᠰᠢᠭᠲᠠᠶ ᠪᠤᠯᠵᠤ᠂ ᠳᠠᠬᠢᠨ ᠲᠠᠲᠠᠭᠰᠠᠳ ᠲᠤ ᠰᠡᠷᠡᠮᠵᠢᠯᠡᠭᠦᠯᠬᠦ ᠬᠥᠮᠦᠵᠢᠯ ᠤᠨ ᠦᠢᠯᠡᠳᠤᠯ ᠦᠵᠡᠭᠦᠯᠵᠦ᠂ ᠦᠨᠳᠦᠰᠦᠨ ᠱᠠᠲᠤᠨ ᠤ ᠬᠤᠤᠷ ᠴᠠᠭᠠᠵᠠᠯᠠᠬᠤ ᠠᠵᠢᠯ ᠤᠨ ᠤᠷᠤᠭᠰᠢᠲᠠᠶ ᠶᠠᠪᠤᠭᠳᠠᠬᠤ ᠳᠤ ᠮᠠᠰᠢ ᠰᠠᠶᠢᠨ ᠠᠬᠢᠭᠤᠯᠬᠤ ᠦᠢᠯᠡᠳᠤᠯ ᠦᠵᠡᠭᠦᠯᠵᠦ᠂ ᠬᠤᠤᠷ ᠴᠠᠭᠠᠵᠠᠯᠠᠬᠤ ᠦᠷ᠎ᠡ ᠪᠦᠲᠦᠭᠡᠯ ᠢ ᠤᠯᠠᠮ ᠨᠢᠭᠡ ᠠᠯᠬᠤᠮ ᠪᠠᠬᠢᠵᠢᠭᠦᠯᠦᠭᠰᠡᠨ ᠪᠠᠶᠢᠨ᠎ᠠ᠃
 
ᠢᠷᠡᠯᠲᠡ᠄ ᠤᠷᠳᠤᠰ ᠤᠨ ᠮᠤᠩᠭᠤᠯ ᠬᠡᠯᠡᠨ ᠤ ᠰᠤᠨᠢᠨ ᠮᠡᠳᠡᠬᠡᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号