| ᠨᠢᠭᠡ ᠳᠤ᠂ ᠰᠠᠯᠬᠢᠨ ᠬᠦᠴᠦᠨ ᠤ ᠴᠠᠬᠢᠯᠭᠠᠨ᠂ ᠬᠡᠷᠡᠯ ᠴᠡᠨᠡᠭ᠂ ᠤᠶᠤᠨᠲᠤ ᠨᠥᠭᠡᠴᠡ ᠡᠨᠧᠷᠭᠢ ᠵᠡᠷᠭᠡ ᠰᠢᠨ᠎ᠡ | ᠡᠨᠧᠷᠭᠢ ᠶᠢᠨ ᠲᠥᠷᠥᠯ ᠵᠦᠢᠯ ᠢ ᠢᠳᠡᠪᠬᠢᠲᠡᠶ ᠪᠤᠶᠢᠵᠢᠭᠤᠯᠤᠨ ᠣᠷᠣᠭᠤᠯᠵᠤ᠂ ︽ᠰᠠᠯᠬᠢ ᠬᠡᠷᠡᠯ ᠨᠥᠭᠡᠴᠡ ᠶᠢ ᠨᠢᠭᠡ | ᠲᠠᠯᠠᠪᠠᠶ ᠪᠣᠯᠭᠠᠬᠤ︾᠂ ︽ᠡᠨᠧᠷᠭᠢ ᠬᠡᠷᠡᠯ ᠨᠥᠭᠡᠴᠡ ᠶᠢ ᠨᠢᠭᠡ ᠴᠣᠭᠴᠠᠵᠢᠭᠤᠯᠬᠤ︾᠂ ︽ᠡᠨᠧᠷᠭᠢ ᠬᠡᠷᠡᠯ | ᠤᠰᠤᠲᠥ᠋ᠷᠥᠭᠴᠢ ᠶᠢ ᠨᠢᠭᠡ ᠴᠣᠭᠴᠠᠵᠢᠭᠤᠯᠬᠤ︾ ᠶᠢ ᠰᠦᠪᠡᠭᠴᠢᠯᠡᠨ ᠳᠡᠯᠭᠡᠷᠡᠭᠦᠯᠵᠦ᠂ ︽ᠰᠠᠯᠬᠢ ᠬᠡᠷᠡᠯ | ᠤᠰᠤᠲᠥ᠋ᠷᠥᠭᠴᠢ ᠶᠢ ᠨᠥᠭᠡᠴᠡᠯᠡᠬᠦ︾ ᠮᠢᠩᠭᠠᠨ ᠳ᠋ᠦᠩᠰᠢᠭᠤᠷ ᠲᠠᠰ ᠤᠨ ᠠᠵᠤ ᠦᠢᠯᠡᠰ ᠤᠨ ᠰᠦᠷᠦᠭᠵᠢᠯ ᠢ ᠪᠥᠬᠦ | ᠬᠦᠴᠦᠨ ᠢᠶᠠᠷ ᠢᠶᠠᠨ ᠪᠣᠶ ᠪᠣᠯᠭᠠᠵᠤ᠂ ᠵᠢᠶᠠᠩᠰᠦ ᠶᠢᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠢ | ᠨᠡᠭᠦᠷᠡᠰᠦᠲᠥ᠋ᠷᠥᠭᠴᠢ ᠥᠬᠡᠶ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ ᠪᠣᠯᠭᠠᠨ ᠪᠠᠶᠢᠭᠤᠯᠤᠨ᠎ᠠ᠃ ᠬᠡᠷᠡᠯ | ᠴᠡᠨᠡᠭ ᠤᠨ ᠠᠵᠤ ᠦᠢᠯᠡᠰ ᠢ ᠲᠦᠷᠭᠡᠳᠬᠡᠨ ᠬᠥᠭᠵᠢᠭᠦᠯᠵᠦ᠂ ᠲᠢᠶᠠᠨ ᠵᠢᠶᠤᠤ ᠪᠣᠬᠢᠷᠲᠤᠯ ᠥᠬᠡᠶ ᠡᠨᠧᠷᠭᠢ ᠶᠢᠨ | ᠨᠢᠭᠡᠳᠦᠭᠡᠷ ᠬᠤᠭᠤᠴᠠᠭᠠᠨ ᠤ 50 ᠲᠦᠮᠡᠨ ᠬᠢᠯᠦᠸᠠᠲ ᠤᠨ ᠬᠡᠷᠡᠯ ᠴᠡᠨᠡᠭ ᠢᠶᠠᠷ ᠴᠠᠬᠢᠯᠭᠠᠨ ᠭᠠᠷᠭᠠᠬᠤ ᠲᠥᠷᠥᠯ | ᠵᠦᠢᠯ ᠢ ᠲᠤᠤᠷ ᠲᠤ ᠨᠡᠶᠢᠯᠡᠭᠦᠯᠦᠨ ᠴᠠᠬᠢᠯᠭᠠᠨ ᠭᠠᠷᠭᠠᠬᠤ ᠶᠢ ᠪᠠᠲᠤᠯᠠᠵᠤ᠂ 100 ᠲᠦᠮᠡᠨ ᠬᠢᠯᠦᠸᠠᠲ ᠤᠨ ᠬᠡᠷᠡᠯ | ᠴᠡᠨᠡᠭ ᠢᠶᠠᠷ ᠴᠠᠬᠢᠯᠭᠠᠨ ᠭᠠᠷᠭᠠᠬᠤ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠢ ᠵᠡᠷᠭᠡᠪᠡᠷ ᠡᠬᠢᠯᠡᠭᠦᠯᠦᠨ᠎ᠡ | ᠃ ︽ᠣᠷᠳᠣᠰ ᠤᠨ ᠤᠰᠤᠲᠥ᠋ᠷᠥᠭᠴᠢ ᠡᠨᠧᠷᠭᠢ ᠶᠢᠨ ᠠᠵᠤ ᠦᠢᠯᠡᠰ ᠤᠨ ᠬᠦᠷᠢᠶᠡᠯᠡᠩ︾ ᠢ ᠲᠥᠯᠥᠪᠵᠢᠭᠦᠯᠦᠨ | ᠪᠦᠲᠦᠭᠡᠨ ᠪᠠᠶᠢᠭᠤᠯᠵᠤ᠂ ᠱᠠᠩ ᠴᠢ ᠶᠢᠨ ᠬᠤᠩ ᠶᠠᠨ᠂ ᠱᠠᠩᠬᠠᠢ ᠴᠦᠡᠭ ᠰᠤ᠋᠂ ᠰᠢᠨ ᠶᠤᠸᠠᠨ ᠬᠥᠳᠡᠯᠭᠡᠬᠦ ᠬᠦᠴᠦᠨ | ᠵᠡᠷᠭᠡ ᠤᠰᠤᠲᠥ᠋ᠷᠥᠭᠴᠢ ᠶᠢᠨ ᠡᠨᠧᠷᠭᠢ ᠶᠢᠨ ᠬᠦᠨᠳᠦ ᠺᠠᠷᠲ ᠤᠨ ᠪᠦᠬᠦ ᠠᠵᠤ ᠦᠢᠯᠡᠰ ᠤᠨ ᠬᠡᠯᠬᠢᠶ᠎ᠡ ᠶᠢᠨ ᠲᠥᠷᠥᠯ | ᠵᠦᠢᠯ ᠢ ᠨᠠᠶᠢᠳᠠᠪᠤᠷᠢᠵᠢᠭᠤᠯᠬᠤ ᠶᠢ ᠪᠦᠬᠦ ᠬᠦᠴᠦᠨ ᠢᠶᠠᠷ ᠠᠬᠢᠭᠤᠯᠵᠤ᠂ ︽ ᠪᠤᠬᠢᠷᠳᠤᠯ ᠦᠬᠡᠢ ᠤᠰᠤᠲᠥ᠋ᠷᠥᠭᠴᠢ︾ | ᠪᠠᠷ ᠤᠳᠤᠷᠢᠳᠤᠮᠵᠢ ᠪᠣᠯᠭᠠᠭᠰᠠᠨ ᠤᠰᠤᠲᠥ᠋ᠷᠥᠭᠴᠢ ᠶᠢᠨ ᠡᠨᠧᠷᠭᠢ ᠶᠢᠨ ᠠᠵᠤ ᠦᠢᠯᠡᠰ ᠤᠨ ᠪᠦᠯᠦᠭᠵᠢᠯ ᠢ | ᠪᠤᠶᠢᠵᠢᠭᠤᠯᠤᠨ᠎ᠠ᠃ | ᠬᠤᠶᠠᠷ ᠲᠤ᠂ ᠰᠢᠨ᠎ᠡ ᠡᠨᠧᠷᠭᠢ᠂ ᠤᠶᠤᠨᠲᠤ ᠴᠠᠬᠢᠯᠭᠠᠨ ᠲᠣᠣᠷ᠂ ᠡᠨᠧᠷᠭᠢ ᠶᠢᠨ ᠢᠨᠲ᠋ᠧᠷ ᠰᠦᠯᠵᠢᠶ᠎ᠡ ᠵᠡᠷᠭᠡ | ᠬᠦᠷᠢᠶ᠎ᠡ ᠴᠠᠷᠠᠭ᠎ᠠ ᠶᠢᠨ ᠨᠥᠭᠡᠴᠡ ᠡᠨᠧᠷᠭᠢ ᠶᠢᠨ ᠬᠡᠷᠡᠭᠴᠡᠭᠡ ᠱᠠᠭᠠᠷᠳᠠᠯᠭ᠎ᠠ ᠶᠢ ᠴᠢᠩᠭ᠎ᠠ ᠠᠳᠬᠤᠵᠤ᠂ ︽ᠶᠤᠸᠠᠨ | ᠵᠢᠩ ᠣᠳᠣ ᠦᠶ᠎ᠡ ᠶᠢᠨ ᠡᠨᠧᠷᠭᠢ ᠶᠢᠨ ᠲᠣᠨᠣᠭᠯᠠᠯ ᠤᠨ ᠠᠵᠤ ᠦᠢᠯᠡᠰ ᠤᠨ ᠬᠦᠷᠢᠶᠡᠯᠡᠩ︾ ᠤᠨ ᠲᠥᠷᠥᠯ ᠵᠦᠢᠯ ᠤᠨ | ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠨᠢᠭᠡᠳᠦᠭᠡᠷ ᠬᠤᠭᠤᠴᠠᠭᠠᠨ ᠤ 6 ᠮᠢᠩᠭᠠᠨ ᠰᠠᠶ᠎ᠠ | ᠸᠠᠲ ᠤᠨ ᠴᠠᠭ ᠲᠠᠬᠢ ᠨᠥᠭᠡᠴᠡ ᠡᠨᠧᠷᠭᠢ ᠵᠢᠴᠢ ᠬᠥᠳᠡᠯᠭᠡᠬᠦ ᠬᠦᠴᠦᠨ ᠤ ᠳ᠋ᠢᠶᠠᠨ ᡂᠢ ᠶᠢᠨ ᠲᠥᠷᠥᠯ ᠵᠦᠢᠯ ᠤᠨ | ᠭᠤᠣᠯ ᠴᠣᠭᠴᠠ ᠶᠢᠨ ᠠᠵᠢᠯ ᠢ ᠳᠠᠭᠤᠰᠬᠠᠬᠤ ᠶᠢ ᠪᠠᠲᠤᠯᠠᠨ᠂ 20 ᠲᠦᠮᠡᠨ ᠬᠢᠯᠦᠸᠠᠲ ᠤᠨ ︽ᠰᠠᠯᠬᠢ ᠭᠡᠷᠡᠯ ᠢ | ᠢᠵᠢᠯᠢ ᠲᠠᠯᠠᠪᠠᠢ ᠲᠠᠢ ᠪᠠᠶᠢᠯᠭᠠᠬᠤ︾ ᠰᠠᠭᠤᠷᠢᠨ ᠭᠠᠵᠠᠷ ᠪᠠ 3 ᠲᠦᠮᠡᠨ ᠬᠢᠯᠦᠸᠠᠲ ᠤᠨ ︽ᠰᠠᠯᠬᠢ ᠭᠡᠷᠡᠯᠲᠦ | ᠲᠠᠷᠢᠶᠠᠯᠠᠩ ᠮᠠᠯ ᠠᠵᠤ ᠠᠬᠤᠢ︾ ᠶᠢᠨ ᠴᠡᠪᠡᠷᠴᠢ ᠳᠤᠯᠠᠭᠠᠯᠠᠭ᠎ᠠ ᠶᠢᠨ ᠵᠢᠱᠢᠶ᠎ᠡ ᠦᠵᠡᠭᠦᠯᠬᠦ ᠲᠥᠷᠥᠯ ᠵᠦᠢᠯ ᠢ | ᠠᠰᠢᠭᠯᠠᠯᠲᠠ ᠳᠤ ᠣᠷᠣᠭᠤᠯᠤᠨ᠂ ᠰᠢᠨ᠎ᠡ ᠡᠨᠧᠷᠭᠢ ᠶᠢᠨ ᠪᠣᠬᠢᠷᠲᠤᠯ ᠦᠭᠡᠢ ᠳᠣᠣᠷ᠎ᠠ ᠨᠡᠭᠦᠷᠡᠰᠦᠲᠥ᠋ᠷᠥᠭᠴᠢᠲᠦ | ᠬᠥᠭᠵᠢᠯᠲᠡ ᠶᠢᠨ ︽ᠰᠣᠷᠢᠨᠵᠢᠨ ᠣᠷᠣᠨ ᠤ ᠨᠥᠯᠥᠭᠡᠯᠡᠯ︾ ᠢ ᠪᠤᠢ ᠪᠣᠯᠭᠠᠨ᠎ᠠ᠃ | ᠭᠤᠷᠪᠠ ᠳᠤ᠂ ᠨᠡᠭᠦᠷᠡᠰᠦ ᠶᠢ ᠴᠡᠪᠡᠷᠰᠢᠭᠦᠯᠦᠨ ᠦᠢᠯᠡᠳᠪᠦᠷᠢᠯᠡᠬᠦ ᠪᠠ ᠣᠶᠤᠨᠴᠢ ᠪᠠᠷ ᠥᠨᠳᠥᠷ | ᠪᠦᠲᠦᠮᠵᠢᠲᠡᠶ ᠪᠠᠷ ᠨᠡᠭᠡᠭᠡᠨ ᠮᠠᠯᠲᠠᠬᠤ ᠶᠢ ᠠᠬᠢᠭᠤᠯᠵᠤ᠂ ᠲᠣᠮᠣ ᠬᠡᠯᠪᠡᠷᠢ ᠶᠢᠨ ᠨᠡᠭᠦᠷᠡᠰᠦᠨ ᠠᠭᠤᠷᠬᠠᠶ ᠶᠢ ᠬᠥᠲᠥᠯᠥᠨ | ᠵᠢᠯᠣᠭᠤᠳᠴᠤ ᠪᠠᠶᠢᠭᠠᠳ 5 G ᠴᠢᠮᠡᠭᠡ ᠬᠤᠯᠪᠣᠭ᠎ᠠ᠂ ᠵᠣᠬᠢᠶᠠᠮᠠᠯ ᠣᠶᠤᠨ ᠴᠢᠳᠠᠪᠤᠷᠢ ᠵᠡᠷᠭᠡ ᠣᠶᠤᠨᠴᠢᠯᠠᠭᠰᠠᠨ | ᠥᠭᠡᠷᠡᠴᠢᠯᠡᠯᠲᠡ ᠶᠢ ᠠᠬᠢᠭᠤᠯᠵᠤ᠂ ᠭᠠᠷᠳᠠᠮ ᠬᠦᠢᠴᠡᠳᠭᠡᠬᠦ ᠶᠢ ᠪᠥᠬᠦ ᠬᠦᠴᠦᠨ ᠢᠶᠠᠷ ᠢᠶᠠᠨ ᠲᠦᠷᠭᠡᠳᠬᠡᠵᠦ᠂ ᠴᠢᠨᠠᠷ | ᠰᠠᠶᠢᠲᠠᠶ ᠦᠢᠯᠡᠳᠪᠦᠷᠢᠯᠡᠬᠦ ᠴᠢᠳᠠᠪᠤᠷᠢ ᠶᠢ ᠡᠮᠬᠢ ᠵᠢᠷᠤᠮ ᠲᠠᠢ ᠪᠠᠷ ᠭᠠᠷᠭᠠᠨ᠎ᠠ᠃ ︽ᠠᠮᠠᠷᠬᠠᠨ ᠡᠨᠧᠷᠭᠢ ᠨᠡᠪᠲᠡᠷᠡᠬᠦ︾ | ᠣᠶᠤᠨᠴᠢ ᠡᠨᠧᠷᠭᠢ ᠶᠢᠨ ᠲᠠᠪᠴᠠᠩ ᠪᠠ ᠬᠠᠶᠢᠯᠠᠰᠤ ᠬᠤᠭᠤᠯᠠᠢ ᠲᠡᠮᠦᠷ ᠵᠠᠮ ᠤᠨ ᠲᠤᠰᠬᠠᠢ ᠱᠤᠭᠤᠮ ᠤᠨ ᠪᠦᠲᠦᠭᠡᠨ | ᠪᠠᠶᠢᠭᠤᠯᠤᠯᠲᠠ ᠶᠢ ᠪᠦᠬᠦ ᠬᠦᠴᠦᠨ ᠢᠶᠠᠷ ᠠᠬᠢᠭᠤᠯᠵᠤ᠂ ᠵᠠᠰᠠᠭ ᠤᠨ ᠪᠣᠳᠠᠰ ᠤᠨ ᠭᠦᠢᠯᠭᠡᠭᠡᠨ ᠤ ᠬᠦᠷᠢᠶᠡᠯᠡᠩ | ᠲᠣᠭᠤᠷᠢᠭ᠂ ᠡᠵᠡᠨ ᠬᠤᠷᠤᠭ᠎ᠠ ᠶᠢᠨ ᠨᠡᠭᠦᠷᠡᠰᠦᠨ ᠤ ᠪᠣᠳᠠᠰ ᠤᠨ ᠭᠦᠢᠯᠭᠡᠭᠡᠨ ᠤ ᠬᠦᠷᠢᠶᠡᠯᠡᠩ ᠲᠣᠭᠤᠷᠢᠭ | ᠬᠤᠯᠪᠣᠭᠠᠯᠠᠨ ᠦᠢᠯᠡᠳᠪᠦᠷᠢᠯᠡᠯ ᠦᠢᠯᠡᠴᠢᠯᠡᠭᠡᠨ ᠤ ᠬᠡᠯᠪᠡᠷᠢ ᠶᠢᠨ ᠤᠯᠤᠰ ᠠᠴᠠ ᠪᠣᠳᠠᠰ ᠤᠨ ᠭᠦᠢᠯᠭᠡᠭᠡᠨ ᠤ | ᠬᠦᠢᠰᠦ ᠶᠢ ᠡᠭᠦᠳᠦᠨ ᠪᠠᠶᠢᠭᠤᠯᠬᠤ ᠶᠢ ᠳᠠᠮᠵᠢᠵᠤ᠂ ᠳ᠋ᠦᠩ ᠲᠠᠢ ᠲᠡᠮᠦᠷ ᠵᠠᠮ ᠢ ᠡᠨᠡ ᠵᠢᠯ ᠪᠠᠷᠢᠯᠭ᠎ᠠ ᠡᠬᠢᠯᠡᠭᠦᠯᠬᠦ ᠪᠠᠷ | ᠴᠢᠷᠮᠠᠶᠢᠵᠤ᠂ ᠪᠦᠬᠦ ᠵᠢᠯ ᠳᠤ ᠴᠢᠨᠠᠷ ᠰᠠᠶᠢᠲᠠᠢ ᠨᠡᠭᠦᠷᠡᠰᠦ 2 ᠳ᠋ᠦᠩᠰᠢᠭᠤᠷ ᠲᠣᠨ ᠠᠴᠠ ᠳᠡᠭᠡᠭᠰᠢ ᠬᠠᠩᠭᠠᠬᠤ ᠶᠢ | ᠪᠠᠲᠤᠯᠠᠵᠤ᠂ ᠤᠯᠤᠰ ᠠᠴᠠ ᠡᠨᠧᠷᠭᠢ ᠶᠢᠨ ᠠᠮᠤᠷ ᠲᠦᠪᠰᠢᠨ ᠤ ᠬᠠᠩᠭᠠᠯᠭ᠎ᠠ ᠳᠤ ᠢᠳᠡᠪᠬᠢᠲᠡᠢ ᠬᠤᠪᠢ ᠨᠡᠮᠡᠷᠢ | ᠦᠵᠡᠭᠦᠯᠦᠨ᠎ᠡ᠃ | ᠲᠦᠷᠪᠡ ᠳᠤ᠂ ᠬᠡᠯᠬᠢᠶ᠎ᠡ ᠶᠢ ᠤᠷᠲᠤᠳᠬᠠᠨ ᠬᠡᠯᠬᠢᠶ᠎ᠡ ᠶᠢ ᠨᠥᠬᠦᠪᠥᠷᠢᠯᠡᠵᠦ ᠬᠡᠯᠬᠢᠶ᠎ᠡ ᠶᠢ ᠴᠢᠩᠭᠠᠳᠬᠠᠵᠤ᠂ | ᠬᠤᠢ ᠨᠧᠩ ᠨᠡᠭᠦᠷᠡᠰᠦ ᠪᠠᠷ ᠰᠢᠲᠠᠮᠠᠬᠠᠢ ᠬᠡᠢ ᠦᠢᠯᠡᠳᠬᠦ ᠬᠤᠶᠠᠳᠤᠭᠠᠷ ᠬᠤᠭᠤᠴᠠᠭ᠎ᠠ᠂ ᠰᠢᠨ ᠨᠦᠸᠧ ᠵᠧᠩ ᠨᠧᠩ | ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠬᠤ ᠲᠦᠷᠦᠯ ᠵᠦᠢᠯ ᠤᠨ ᠪᠠᠷᠢᠯᠭ᠎ᠠ ᠳᠠᠭᠤᠰᠴᠤ ᠠᠰᠢᠭᠯᠠᠯᠲᠠ ᠳᠤ | ᠣᠷᠣᠬᠤ ᠶᠢ ᠪᠠᠲᠤᠯᠠᠵᠤ᠂ ᠪᠦᠦ ᠲᠠᠢ ᠯᠦᠩ ᠡᠷᠬᠢᠯᠳᠡᠳᠦ ᠠᠵᠤ ᠦᠢᠯᠡᠰ ᠤᠨ ᠬᠡᠯᠬᠢᠶ᠎ᠡ ᠶᠢᠨ ᠲᠦᠷᠦᠯ ᠵᠦᠢᠯ ᠢ | ᠨᠠᠶᠢᠳᠠᠪᠤᠷᠢᠵᠢᠭᠤᠯᠤᠨ ᠡᠬᠢᠯᠡᠭᠦᠯᠬᠦ ᠪᠠᠷ ᠴᠢᠷᠮᠠᠶᠢᠵᠤ᠂ ᠤᠯᠤᠰ ᠤᠨ ᠴᠠᠬᠢᠯᠭᠠᠨ ᠬᠦᠴᠦᠨ ᠤ ᠪᠦᠯᠦᠭᠯᠡᠯ ᠤᠨ ᠴᠠᠬᠢᠯᠭᠠᠨ | ᠭᠠᠷᠭᠠᠬᠤ ᠦᠢᠯᠡᠳᠪᠦᠷᠢ ᠶᠢᠨ ᠬᠤᠶᠠᠳᠤᠭᠠᠷ ᠬᠤᠭᠤᠴᠠᠭᠠᠨ ᠤ ᠢᠨᠵᠧᠨᠧᠷᠢᠩ ᠢ ᠪᠦᠬᠦ ᠲᠠᠯ᠎ᠠ ᠪᠠᠷ ᠡᠬᠢᠯᠡᠭᠦᠯᠵᠦ᠂ | ᠠᠵᠤ ᠦᠢᠯᠡᠰ ᠤᠨ ᠳᠡᠭᠡᠳᠦ ᠲᠦᠪᠰᠢᠨᠴᠢᠯᠡᠭᠰᠡᠨ᠂ ᠦᠢᠯᠡᠳᠬᠦᠨ ᠤ ᠦᠵᠦᠭᠦᠷᠴᠢᠯᠡᠭᠰᠡᠨ ᠲᠦᠪᠰᠢᠨ ᠢ ᠴᠢᠨᠠᠭᠰᠢᠳᠠ | ᠳᠡᠭᠡᠭᠰᠢᠯᠡᠭᠦᠯᠦᠨ᠎ᠡ᠃ | | | | |