ᠡᠵᠡᠨ ᠬᠤᠷᠤᠭ᠎ᠠ ᠬᠤᠰᠢᠭᠤ ᠬᠤᠲᠠ ᠬᠥᠳᠡᠭᠡ ᠶᠢ ᠠᠭᠤᠰᠤᠯᠴᠠᠭᠤᠯᠤᠨ ᠬᠥᠭᠵᠢᠭᠦᠯᠬᠦ ᠬᠤᠲᠠ ᠬᠥᠳᠡᠭᠡ ᠶᠢᠨ ᠳᠦᠷᠰᠦ ᠪᠠᠶᠢᠳᠠᠯ ᠢ ᠢᠯᠡᠳᠲᠡ ᠰᠠᠶᠢᠵᠢᠷᠠᠭᠤᠯᠪᠠ
ᠨᠡᠶᠢᠲᠡᠯᠡᠭᠰᠡᠨ ᠴᠠᠭ᠄
2021/12/23
     ᠨᠢᠭᠡ ᠳᠤ᠂ ᠬᠤᠲᠠ ᠶᠢᠨ ᠰᠠᠭᠤᠷᠢᠰᠢᠬᠤ ᠳᠤ ᠲᠣᠬᠢᠷᠠᠮᠵᠢᠲᠠᠶ ᠶᠠᠰᠤ ᠴᠢᠨᠠᠷ ᠢ ᠦᠷᠭᠦᠯᠵᠢᠯᠡᠨ ᠳᠡᠭᠡᠭᠰᠢᠯᠡᠭᠦᠯᠦᠨ᠎ᠡ᠃ ᠨᠢᠭᠡ ᠪᠦᠯᠦᠭ ᠠᠮᠢ ᠠᠬᠤᠶ ᠶᠢᠨ ᠨᠣᠭᠤᠭᠠᠷᠠᠭᠤᠯᠤᠯᠲᠠ ᠶᠢᠨ ᠦᠵᠡᠮᠵᠢ ᠶᠢ ᠨᠠᠷᠢᠨ ᠨᠢᠮᠪᠠᠶ ᠪᠣᠶ ᠪᠣᠯᠭᠠᠵᠤ᠂ ᠪᠠᠶᠢᠭᠤᠯᠤᠭᠰᠠᠨ ᠲᠣᠭᠤᠷᠢᠭ ᠤᠨ ᠨᠣᠭᠤᠭᠠᠷᠠᠭᠤᠯᠤᠯᠲᠠ ᠶᠢᠨ ᠪᠦᠷᠬᠦᠴᠡ ᠶᠢᠨ ᠨᠣᠷᠮ᠎ᠠ 48 . 4 %᠎ ᠳᠤ ᠬᠦᠷᠴᠦ᠂ ᠬᠥᠮᠦᠨ ᠳᠤᠮᠳᠠᠴᠢ ᠶᠢᠨ ᠴᠡᠴᠡᠷᠯᠢᠭ ᠤᠨ ᠨᠣᠭᠤᠭᠠᠷᠠᠭᠤᠯᠤᠯᠲᠠ ᠶᠢᠨ ᠲᠠᠯᠠᠪᠠᠶ 84 . 8 ᠲᠡᠭᠰᠢ ᠳᠥᠷᠪᠡᠯᠵᠢᠨ ᠮᠧᠲᠷ ᠲᠤ ᠬᠥᠷᠪᠡ᠃ ᠭᠤᠣᠯ ᠬᠤᠲᠠ ᠲᠣᠭᠤᠷᠢᠭ ᠤᠨ 19 ︽ᠬᠠᠭᠠᠰ ᠳᠤᠲᠠᠭᠤ︾ ᠢᠨᠵᠧᠨᠧᠷᠢᠩ ᠢ ᠪᠦᠬᠦᠨ ᠢ ᠳᠠᠭᠤᠰᠬᠠᠵᠤ᠂ ᠣᠯᠠᠨ ᠲᠦᠮᠡᠨ ᠤ ᠠᠩᠬᠠᠷᠴᠤ  ᠪᠠᠶᠢᠭ᠎ᠠ ︽ᠪᠤᠴᠠᠵᠤ ᠨᠡᠭᠦᠬᠦ ᠳᠤ ᠬᠦᠴᠢᠷ︾᠂ ︽ᠣᠷᠣᠵᠤ ᠰᠠᠭᠤᠬᠤ ᠳᠤ ᠬᠦᠴᠢᠷ︾᠂ ︽ᠦᠨᠡᠮᠯᠡᠯ ᠠᠪᠬᠤ ᠳᠤ ᠬᠦᠴᠢᠷ︾ ᠵᠡᠷᠭᠡ ᠭᠡᠷ ᠭᠠᠵᠠᠷ ᠤᠨ ᠬᠥᠷᠥᠩᠭᠡ ᠶᠢᠨ ᠬᠦᠷᠢᠶᠡᠨ ᠳᠠᠬᠢ ᠲᠡᠦᠬᠡᠨ ᠦᠯᠡᠳᠡᠭᠳᠡᠯ ᠠᠰᠠᠭᠤᠳᠠᠯ ᠢ ᠦᠨᠳᠦᠰᠦᠨ ᠳᠡᠭᠡᠨ ᠰᠢᠢᠳᠪᠦᠷᠢᠯᠡᠪᠡ᠃ 6126 ᠲᠦᠮᠡᠨ ᠲᠥᠭᠦᠷᠢᠭ ᠤᠨ ᠪᠡᠯᠡ ᠴᠤᠭᠯᠠᠭᠤᠯᠵᠤ 25 ᠵᠢᠵᠢᠭ ᠲᠣᠭᠤᠷᠢᠭ ᠤᠨ ᠰᠠᠭᠤᠷᠢ ᠲᠥᠬᠦᠭᠡᠷᠦᠮᠵᠢ ᠶᠢ ᠲᠡᠭᠦᠯᠳᠡᠷᠵᠢᠭᠦᠯᠦᠨ ᠳᠡᠭᠡᠭᠰᠢᠯᠡᠭᠦᠯᠪᠡ᠃ ᠤᠰᠤᠨ ᠤ ᠡᠷᠭᠢ ᠶᠢᠨ ᠰᠢᠨ᠎ᠡ ᠬᠤᠲᠠ ᠶᠢᠨ ᠲᠥᠪ ᠴᠡᠴᠡᠷᠯᠢᠭ ᠢ ᠥᠨᠳᠥᠷ ᠪᠠᠷᠢᠮᠵᠢᠶ᠎ᠠ ᠪᠠᠷ ᠪᠦᠲᠦᠭᠡᠨ ᠪᠠᠶᠢᠭᠤᠯᠵᠤ᠂ 18 ᠪᠡᠶ᠎ᠡ ᠴᠢᠭᠢᠷᠠᠭᠵᠢᠭᠤᠯᠬᠤ ᠬᠥᠳᠡᠯᠭᠡᠭᠡᠨ ᠤ ᠲᠠᠯᠠᠪᠤᠷ ᠭᠠᠵᠠᠷ ᠢ ᠲᠥᠯᠥᠪᠵᠢᠭᠦᠯᠦᠨ ᠪᠠᠶᠢᠷᠢᠰᠢᠭᠤᠯᠵᠤ᠂ ᠰᠠᠭᠤᠭᠠᠯᠢ ᠠᠷᠠᠳ ᠤᠨ ︽15 ᠮᠢᠨᠦ᠋ᠲ ᠤᠨ ᠪᠡᠶ᠎ᠡ ᠴᠢᠭᠢᠷᠠᠭᠵᠢᠭᠤᠯᠬᠤ ᠲᠣᠭᠤᠷᠢᠭ︾᠎ ᠢ ᠪᠠᠶᠢᠭᠤᠯᠤᠨ ᠪᠦᠷᠢᠯᠳᠦᠭᠦᠯᠵᠦ᠂ ᠬᠤᠲᠠ ᠶᠢᠨ ᠦᠢᠯᠡᠴᠢᠯᠡᠭᠡᠨ ᠤ ᠴᠢᠳᠠᠮᠵᠢ ᠶᠢ ᠨᠠᠩ ᠲᠡᠭᠦᠯᠳᠡᠷᠵᠢᠭᠦᠯᠦᠨ᠎ᠡ᠃      ᠬᠤᠶᠠᠷ ᠲᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠶᠡᠭᠡ ᠪᠠᠷ ᠠᠬᠢᠭᠤᠯᠤᠨ᠎ᠠ᠃ ︽ᠭᠤᠷᠪᠠᠨ ᠲᠣᠭᠤᠷᠢᠭ ᠲᠠᠪᠤᠨ ᠦᠢᠯᠡᠰ︾᠎ ᠤᠨ ᠬᠥᠭᠵᠢᠯᠲᠡ ᠶᠢᠨ ᠲᠥᠯᠥᠪᠵᠢᠭᠦᠯᠭᠡ ᠶᠢᠨ ᠲᠣᠭᠤᠷᠢᠨ ᠳᠤ᠂ 3 ᠪᠠᠷᠢᠮᠵᠢᠶ᠎ᠠ ᠳᠤ ᠬᠦᠷᠦᠭᠰᠡᠨ ᠲᠣᠰᠬᠤᠨ᠂ 4 ᠣᠨᠴᠠᠯᠢᠭᠲᠤ ᠲᠣᠰᠬᠤᠨ ᠪᠠ 5 ᠵᠢᠱᠢᠶ᠎ᠡ ᠦᠵᠡᠭᠦᠯᠬᠦ ᠲᠣᠰᠬᠤᠨ ᠢ ᠡᠭᠦᠳᠦᠨ ᠪᠠᠶᠢᠭᠤᠯᠤᠨ᠎ᠠ᠃ ᠶᠦᠨ ᠳ᠋ᠦᠩ ᠺᠣᠮᠫᠠᠨᠢ ᠶᠢᠨ ᠨᠣᠣᠯᠤᠷ ᠤᠨ ᠢᠮᠠᠭ᠎ᠠ ᠪᠤᠶᠢᠵᠢᠭᠤᠯᠬᠤ᠂ ᠬᠠᠭᠤᠷᠠᠶ ᠴᠠᠶᠢᠳᠠᠮ ᠲᠣᠰᠬᠤᠨ ᠤ ᠮᠥᠭᠦ᠂ ᠬᠠᠰᠢᠶᠠᠲᠤ ᠶᠢᠨ ᠭᠤᠸᠠᠩ ᠶᠠ ᠬᠥᠳᠡᠭᠡ ᠲᠣᠰᠬᠤᠨ ᠤ ᠶᠡᠷᠦᠩᠬᠡᠶᠢᠯᠡᠭᠰᠡᠨ ᠴᠣᠭᠴᠠ ᠵᠡᠷᠭᠡ ᠨᠢᠭᠡ ᠪᠦᠯᠦᠭ ᠲᠠᠷᠢᠶᠠᠯᠠᠩ ᠮᠠᠯ ᠠᠵᠤ ᠠᠬᠤᠶ ᠶᠢᠨ ᠠᠵᠤ  ᠦᠢᠯᠡᠰᠵᠢᠯᠲᠡ ᠶᠢᠨ ᠲᠥᠷᠥᠯ ᠵᠦᠢᠯ ᠢ ᠪᠠᠶᠢᠭᠤᠯᠤᠨ ᠠᠰᠢᠭᠯᠠᠯᠲᠠ ᠳᠤ ᠣᠷᠣᠭᠤᠯᠵᠤ᠂ ᠬᠠᠳᠠᠲᠤ ᠨᠠᠭᠤᠷ ᠲᠣᠰᠬᠤᠨ ᠪᠥᠬᠦ ᠤᠯᠤᠰ ᠤᠨ ︽ᠨᠢᠭᠡ ᠲᠣᠰᠬᠤᠨ ᠨᠢᠭᠡ ᠦᠢᠯᠡᠳᠬᠦᠨ︾᠎ ᠤ ᠵᠢᠱᠢᠶ᠎ᠡ ᠦᠵᠡᠭᠦᠯᠬᠦ ᠲᠣᠰᠬᠤᠨ ᠢᠶᠠᠷ ᠦᠨᠡᠯᠡᠭᠳᠡᠪᠡ᠃ ᠮᠠᠯᠵᠢᠬᠤ ᠲᠠᠷᠢᠶᠠᠯᠠᠬᠤ ᠣᠷᠣᠨ ᠤ ᠬᠤᠭ ᠨᠣᠪᠰᠢ ᠶᠢ ᠴᠡᠪᠡᠷᠯᠡᠨ ᠲᠡᠭᠡᠭᠡᠪᠦᠷᠢᠯᠡᠵᠦ ᠰᠢᠢᠳᠪᠦᠷᠢᠯᠡᠬᠦ ᠨᠣᠷᠮ᠎ᠠ᠂ ᠠᠮᠢᠳᠤᠷᠠᠯ ᠤᠨ ᠪᠣᠬᠢᠷ ᠤᠰᠤ ᠶᠢ ᠲᠥᠪᠯᠡᠷᠡᠭᠦᠯᠦᠨ ᠰᠢᠢᠳᠪᠦᠷᠢᠯᠡᠬᠦ ᠨᠣᠷᠮ᠎ᠠ ᠪᠠ ᠬᠤᠤᠷ ᠥᠬᠡᠶᠢᠳᠡᠭᠦᠯᠦᠭᠰᠡᠨ ᠠᠷᠢᠭᠤᠨ ᠴᠡᠪᠡᠷ ᠵᠣᠷᠯᠣᠩ ᠢ ᠲᠦᠭᠡᠮᠡᠯᠵᠢᠭᠦᠯᠬᠦ ᠨᠣᠷᠮ᠎ᠠ ᠶᠢ ᠲᠣᠰ ᠲᠣᠰ 100 %᠂ 90 % ᠪᠠ 95 %᠎ ᠳᠤ ᠬᠦᠷᠭᠡᠵᠦ᠂ ᠬᠠᠰᠢᠶᠠᠲᠤ ᠲᠣᠰᠬᠤᠨ ︽ᠳᠤᠮᠳᠠᠳᠤ ᠤᠯᠤᠰ ᠤᠨ ᠦᠵᠡᠰᠬᠦᠯᠡᠩᠲᠦ ᠰᠠᠶᠢᠬᠠᠨ ᠰᠡᠯᠡᠭᠦᠴᠡᠯ ᠤᠨ ᠬᠥᠳᠡᠭᠡ ᠲᠣᠰᠬᠤᠨ︾᠎ ᠢᠶᠠᠷ ᠦᠨᠡᠯᠡᠭᠳᠡᠵᠦ᠂ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠪᠥᠬᠦ ᠬᠤᠲᠠ ᠶᠢᠨ ᠡᠮᠦᠨ᠎ᠡ ᠡᠩᠨᠡᠭᠡᠨ ᠳᠤ ᠣᠷᠣᠪᠠ      ᠭᠤᠷᠪᠠ ᠳᠤ᠂ ᠠᠮᠢ ᠠᠬᠤᠶ ᠶᠢᠨ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠨ᠎ᠡ᠃ ᠨᠣᠭᠤᠭᠠᠷᠠᠭᠤᠯᠤᠯᠲᠠ ᠣᠶᠢᠵᠢᠭᠤᠯᠤᠯᠲᠠ ᠵᠡᠷᠭᠡ ᠭᠤᠤᠯᠳᠠᠯᠭ᠎ᠠ ᠲᠠᠢ ᠠᠮᠢ ᠠᠬᠤᠶ ᠶᠢᠨ ᠢᠨᠵᠧᠨᠧᠷᠢᠩ ᠢ 18 ᠲᠦᠮᠡᠨ ᠮᠥ ᠬᠡᠷᠡᠭᠵᠢᠭᠦᠯᠵᠦ᠂ 3 ᠭᠠᠴᠠᠭ᠎ᠠ ᠲᠣᠰᠬᠤᠨ ︽ᠤᠯᠤᠰ ᠤᠨ ᠣᠶ ᠰᠢᠭᠤᠶ ᠬᠥᠳᠡᠭᠡ ᠲᠣᠰᠬᠤᠨ︾᠎ ᠳᠤ ᠲᠣᠳᠣᠷᠠᠪᠠ᠃ ᠠᠭᠤᠷᠬᠠᠶ ᠶᠢᠨ ᠭᠠᠵᠠᠷ ᠤᠨ ᠣᠷᠴᠢᠨ ᠲᠣᠭᠤᠷᠢᠨ ᠢ ᠰᠡᠷᠭᠦᠭᠡᠨ ᠵᠠᠰᠠᠬᠤ ᠶᠢ ᠶᠡᠬᠡᠪᠡᠷ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠪᠠ ᠤᠯᠤᠰ ᠤᠨ ᠲᠠᠰ ᠤᠨ ᠪᠣᠬᠢᠷᠲᠤᠯ ᠥᠬᠡᠶ ᠠᠭᠤᠷᠬᠠᠶ ᠶᠢ ᠨᠡᠶᠢᠲᠡ 34 ᠪᠠᠶᠢᠭᠤᠯᠪᠠ᠃ ᠠᠭᠤᠷᠬᠠᠶ ᠶᠢᠨ ᠣᠷᠣᠨ ᠤ ᠨᠡᠭᠦᠷᠡᠰᠦᠨ ᠳᠠᠪᠬᠤᠷᠭ᠎ᠠ ᠶᠢᠨ ᠤᠰᠤ ᠶᠢ ᠶᠡᠷᠦᠩᠬᠡᠶᠢᠯᠡᠨ ᠠᠰᠢᠭᠯᠠᠬᠤ ᠢᠨᠵᠧᠨᠧᠷᠢᠩ ᠢ ᠪᠦᠬᠦ ᠲᠠᠯ᠎ᠠ ᠪᠠᠷ ᠬᠡᠷᠡᠭᠵᠢᠭᠦᠯᠵᠦ᠂ 395 ᠺᠢᠯᠤᠮᠧᠲᠷ ᠤᠰᠤ ᠳᠠᠮᠵᠢᠭᠤᠯᠬᠤ ᠬᠤᠭᠤᠯᠠᠶ ᠶᠢᠨ ᠱᠤᠭᠤᠮ ᠢ ᠳᠡᠪᠢᠰᠦᠨ᠂ ᠣᠨ ᠤ ᠤᠰᠤ ᠬᠠᠩᠭᠠᠬᠤ ᠴᠢᠳᠠᠪᠤᠷᠢ ᠶᠢ 5500 ᠲᠦᠮᠡᠨ ᠲᠣᠨ ᠳᠤ ᠬᠦᠷᠦᠭᠦᠯᠵᠦ᠂ ᠬᠢᠯᠢ ᠶᠢᠨ ᠳᠣᠲᠣᠷᠠᠬᠢ ᠬᠠᠲᠤᠨ ᠭᠤᠣᠯ ᠤᠨ ᠰᠠᠯᠪᠤᠷᠢ ᠤᠷᠤᠰᠬᠠᠯ ᠤᠨ ᠬᠠᠶᠠᠭᠳᠠᠮᠠᠯ ᠤᠰᠤ ᠶᠢ ︽ᠭᠤᠣᠯ ᠳᠤ ᠣᠷᠣᠭᠤᠯᠬᠤ ᠦᠭᠡᠶ︾ ᠪᠠᠶᠢᠬᠤ ᠶᠢ ᠪᠡᠶᠡᠯᠡᠭᠦᠯᠦᠨ᠎ᠡ᠃ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠶᠢᠨ ᠲᠤᠷᠰᠢᠯᠭ᠎ᠠ ᠨᠢ ︽ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠢ ᠪᠥᠲᠥᠭᠡᠨ ᠪᠠᠶᠢᠭᠤᠯᠬᠤ ᠦᠢᠯᠡᠳᠦᠯᠭᠡ ᠶᠢᠨ ᠬᠡᠷᠡᠭ ᠤᠨ ᠵᠢᠱᠢᠶ᠎ᠡ︾᠎ ᠳᠤ ᠰᠣᠩᠭᠤᠭᠳᠠᠵᠤ᠂ ︽ᠡᠵᠡᠨ ᠬᠤᠷᠤᠭ᠎ᠠ ᠶᠢᠨ ᠴᠦᠯᠯᠡᠷᠬᠡᠭᠵᠢᠯ ᠢ ᠵᠠᠰᠠᠬᠤ ᠵᠠᠭᠪᠤᠷ︾᠎ ᠨᠢ ᠪᠥᠬᠦ ᠤᠯᠤᠰ ᠲᠤ ︽ᠥᠪᠥᠷ ᠮᠣᠩᠭᠤᠯ ᠤᠨ ᠲᠤᠷᠰᠢᠯᠭ᠎ᠠ︾᠎ ᠶᠢ ᠬᠠᠩᠭᠠᠪᠠ᠃
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号