| ᠨᠢᠭᠡ ᠳᠤ᠂ ᠠᠵᠤ ᠦᠢᠯᠡᠰ ᠤᠨ ᠬᠡᠯᠬᠢᠶ᠎ᠡ ᠶᠢᠨ ᠲᠣᠭᠤᠷᠢᠨ ᠳᠤ ᠰᠢᠨ᠎ᠡ ᠶᠢ ᠡᠭᠦᠳᠬᠦ ᠬᠡᠯᠬᠢᠶ᠎ᠡ ᠶᠢ | ᠪᠠᠶᠢᠷᠢᠯᠠᠭᠤᠯᠤᠨ᠎ᠠ᠃ ︽ᠰᠢᠨᠵᠢᠯᠡᠬᠦ ᠤᠬᠠᠭᠠᠨ ᠮᠡᠷᠭᠡᠵᠢᠯ ᠢᠶᠠᠷ ᠥᠪᠥᠷ ᠮᠣᠩᠭᠤᠯ ᠢᠶᠠᠨ ᠮᠠᠨᠳᠤᠭᠤᠯᠬᠤ︾ | ᠠᠵᠢᠯᠯᠠᠭ᠎ᠠ ᠶᠢ ᠢᠳᠡᠪᠬᠢᠲᠡᠶ ᠨᠠᠶᠢᠳᠠᠪᠤᠷᠢᠵᠢᠭᠤᠯᠵᠤ᠂ ᠡᠳ᠋ ᠤᠨ ᠵᠠᠰᠠᠭ ᠤᠨ ᠣᠷᠣᠭᠤᠯᠤᠯᠲᠠ᠂ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠰᠠᠭᠤᠷᠢ ᠮᠥᠩᠭᠦ᠂ ᠪᠠᠯᠠ ᠲᠣᠬᠢᠷᠠᠭᠤᠯᠭ᠎ᠠ ᠶᠢᠨ ᠳᠠᠭᠠᠭᠠᠯᠲᠠ ᠵᠡᠷᠭᠡ | ᠵᠠᠰᠠᠭ ᠤᠨ ᠣᠷᠳᠣᠨ ᠤ ᠣᠷᠣᠭᠤᠯᠤᠯᠲᠠ ᠶᠢᠨ ᠴᠢᠩᠳᠠᠯᠢᠭ ᠴᠢᠨᠠᠷᠲᠠᠶ ᠨᠡᠮᠡᠭᠳᠡᠯ ᠤᠨ ᠲᠣᠭᠲᠠᠴᠠ ᠪᠠ ᠨᠡᠶᠢᠭᠡᠮ ᠤᠨ | ᠣᠯᠠᠨ ᠠᠷᠭ᠎ᠠ ᠵᠠᠮ ᠢᠶᠠᠷ ᠪᠠᠯᠠ ᠣᠷᠣᠭᠤᠯᠵᠤ ᠤᠷᠮᠠᠰᠢᠭᠤᠯᠬᠤ ᠲᠣᠭᠲᠠᠴᠠ ᠶᠢ ᠪᠦᠷᠢᠨᠰᠢᠬᠦᠯᠵᠦ᠂ ᠰᠠᠶᠢᠨ ᠰᠠᠶᠢᠬᠠᠨ | ᠰᠢᠨ᠎ᠡ ᠶᠢ ᠡᠭᠦᠳᠬᠦ ᠠᠮᠢ ᠠᠬᠤᠶ ᠶᠢ ᠪᠣᠶ ᠪᠣᠯᠭᠠᠨ᠎ᠠ᠃ ᠨᠡᠭᠦᠷᠡᠰᠦ ᠶᠢ ᠪᠣᠬᠢᠷᠲᠤᠯ ᠥᠬᠡᠶ ᠪᠠᠷ ᠨᠡᠭᠡᠭᠡᠨ ᠮᠠᠯᠲᠠᠬᠤ᠂ | ᠣᠶᠤᠨᠴᠢ ᠠᠭᠤᠷᠬᠠᠶ ᠶᠢᠨ ᠪᠥᠲᠥᠭᠡᠨ ᠪᠠᠶᠢᠭᠤᠯᠤᠯᠲᠠ᠂ ︽ᠰᠠᠯᠬᠢ ᠬᠡᠷᠡᠯ ᠤᠰᠤᠲᠥ᠋ᠷᠥᠭᠴᠢ ᠪᠠᠷ ᠬᠠᠳᠠᠭᠠᠯᠠᠬᠤ︾ | ᠰᠢᠨ᠎ᠡ ᠡᠨᠧᠷᠭᠢ ᠵᠡᠷᠭᠡ ᠭᠤᠤᠯᠳᠠᠯᠭ᠎ᠠ ᠲᠠᠢ ᠠᠵᠤ ᠦᠢᠯᠡᠰ ᠤᠨ ᠬᠦᠷᠢᠶ᠎ᠡ ᠴᠠᠷᠠᠭ᠎ᠠ ᠵᠢᠴᠢ ᠨᠡᠭᠦᠷᠡᠰᠦᠨ ᠴᠢᠯᠠᠭᠤ ᠶᠢ | ᠶᠡᠷᠦᠩᠬᠡᠶᠢᠯᠡᠨ ᠠᠰᠢᠭᠯᠠᠬᠤ᠂ ᠨᠤᠯᠤᠤᠷ ᠤᠨ ᠢᠮᠠᠭ᠎ᠠ ᠶᠢ ᠰᠢᠨᠵᠢᠯᠡᠬᠦ ᠤᠬᠠᠭᠠᠨᠴᠢ ᠪᠠᠷ ᠡᠭᠦᠯᠳᠡᠷ ᠪᠤᠶᠢᠵᠢᠭᠤᠯᠬᠤ ᠵᠡᠷᠭᠡ | ᠭᠤᠤᠯ ᠰᠢᠪᠲᠤᠯᠤᠯᠲᠠ ᠶᠢᠨ ᠴᠢᠭᠯᠡᠯ ᠤᠨ ᠲᠣᠭᠤᠷᠢᠨ ᠳᠤ᠂ ᠨᠢᠭᠡ ᠪᠦᠯᠦᠭ ᠴᠢᠬᠤᠯᠠ ᠶᠡᠭᠡ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠲᠥᠷᠥᠯ ᠵᠦᠢᠯ ᠢ ᠲᠥᠯᠥᠪᠵᠢᠭᠦᠯᠦᠨ ᠪᠠᠶᠢᠷᠢᠰᠢᠭᠤᠯᠵᠤ᠂ ᠠᠵᠤ ᠦᠢᠯᠡᠰ ᠤᠨ ᠬᠡᠯᠬᠢᠶ᠎ᠡ | ᠥᠷᠲᠡᠭ ᠤᠨ ᠬᠡᠯᠬᠢᠶ᠎ᠡ ᠶᠢᠨ ᠰᠢᠨ᠎ᠡ ᠶᠢ ᠡᠭᠦᠳᠬᠦ ᠬᠡᠯᠬᠢᠶ᠎ᠡ ᠶᠢᠨ ᠭᠦᠨᠵᠡᠭᠡᠶ ᠠᠭᠤᠰᠤᠯᠴᠠᠭᠰᠠᠨ ᠰᠢᠨ᠎ᠡ | ᠲᠤᠯᠭᠠᠭᠤᠷᠢᠯᠠᠬᠤ ᠴᠡᠭ ᠢ ᠪᠣᠶ ᠪᠣᠯᠭᠠᠨ᠎ᠠ᠃ | ᠬᠤᠶᠠᠷ ᠲᠤ᠂ ᠰᠢᠨ᠎ᠡ ᠶᠢ ᠡᠭᠦᠳᠬᠦ ᠲᠠᠪᠴᠠᠩ ᠤᠨ ᠠᠴᠢᠶᠠᠯᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ | ᠤᠯᠤᠰ ᠤᠨ ᠳᠣᠲᠣᠭᠠᠳᠤ ᠭᠠᠳᠠᠭᠠᠳᠤ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ᠂ ᠶᠡᠭᠡ ᠳᠡᠭᠡᠳᠦ | ᠰᠤᠷᠭᠠᠭᠤᠯᠢ᠂ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠠᠵᠤ ᠠᠬᠤᠶᠢᠯᠠᠯ ᠲᠠᠢ ᠬᠠᠮᠲᠤᠷᠠᠨ | ᠦᠢᠯᠡᠳᠪᠦᠷᠢᠯᠡᠬᠦ ᠵᠢᠭᠠᠬᠤ ᠰᠤᠳᠤᠯᠬᠤ ᠶᠢᠨ ᠰᠢᠨ᠎ᠡ ᠶᠢ ᠡᠭᠦᠳᠬᠦ ᠲᠠᠪᠴᠠᠩ ᠢ ᠢᠳᠡᠪᠬᠢᠲᠡᠶ ᠪᠠᠶᠢᠭᠤᠯᠵᠤ᠂ | ᠣᠷᠳᠣᠰ ᠤᠨ ᠣᠲᠣ ᠦᠶ᠎ᠡ ᠶᠢᠨ ᠡᠨᠧᠷᠭᠢ ᠶᠢᠨ ᠠᠵᠤ ᠠᠬᠤᠶ ᠶᠢᠨ ᠰᠤᠳᠤᠯᠭᠠᠨ ᠤ ᠬᠦᠷᠢᠶᠡᠯᠡᠩ ᠤᠨ ︽ᠨᠡᠭᠦᠷᠡᠰᠦ | ᠮᠠᠯᠲᠠᠬᠤ ᠥᠬᠡᠶ᠂ ᠭᠠᠵᠠᠷ ᠤᠨ ᠳᠠᠷᠤᠯᠲᠠ ᠶᠢ ᠳᠠᠭᠠᠷᠢᠬᠤ︾ ᠵᠡᠷᠭᠡ 6 ᠶᠡᠭᠡ ᠰᠡᠳᠦᠪ ᠤᠨ ᠮᠡᠷᠭᠡᠵᠢᠯ ᠤᠨ ᠪᠣᠭᠤᠮᠲᠠ | ᠰᠢᠪᠲᠤᠯᠬᠤ ᠪᠠ ᠦᠷ᠎ᠡ ᠪᠦᠲᠦᠭᠡᠯ ᠢ ᠤᠯᠠᠷᠢᠭᠤᠯᠬᠤ ᠶᠢ ᠬᠦᠴᠦᠯᠡᠨ ᠠᠬᠢᠭᠤᠯᠵᠤ᠂ ᠪᠥᠬᠦ ᠤᠯᠤᠰ ᠤᠨ ᠨᠡᠭᠦᠷᠡᠰᠦᠨ ᠤ | ᠬᠦᠷᠢᠶᠡᠨ ᠳᠠᠬᠢ ᠲᠡᠷᠢᠭᠦᠨ ᠤ ᠮᠡᠷᠭᠡᠵᠢᠯ ᠤᠨ ᠬᠡᠷᠡᠭᠯᠡᠭᠡᠨ ᠤ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠪᠣᠶ ᠪᠣᠯᠭᠠᠨ᠎ᠠ᠃ | ᠠᠵᠤ ᠠᠬᠤᠶᠢᠯᠠᠯ ᠤᠨ ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ᠂ ᠮᠡᠷᠭᠡᠵᠢᠯ ᠤᠨ ᠰᠢᠨ᠎ᠡ ᠶᠢ ᠡᠭᠦᠳᠬᠦ ᠲᠥᠪ | ᠪᠠᠶᠢᠭᠤᠯᠬᠤ ᠶᠢ ᠪᠦᠬᠦ ᠬᠦᠴᠦᠨ ᠢᠶᠠᠷ ᠢᠶᠠᠨ ᠳᠠᠮᠵᠢᠵᠤ᠂ ᠣᠷᠣᠨ ᠨᠤᠲᠤᠭ ᠲᠤ ᠰᠠᠭᠤᠭ᠎ᠠ ᠲᠥᠪ ᠤᠨ ᠠᠵᠤ | ᠠᠬᠤᠶᠢᠯᠠᠯ ᠢ ᠬᠥᠲᠥᠯᠥᠨ ᠵᠢᠯᠣᠭᠤᠳᠴᠤ ᠪᠠᠶᠢᠭᠠᠳ ᠠᠵᠤ ᠦᠢᠯᠡᠰ ᠤᠨ ᠮᠡᠷᠭᠡᠵᠢᠯ ᠤᠨ ᠰᠤᠳᠤᠯᠤᠨ ᠨᠡᠭᠡᠭᠡᠬᠦ ᠲᠥᠪ | ᠪᠠ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠰᠠᠭᠤᠷᠢᠨ ᠭᠠᠵᠠᠷ ᠢ ᠤᠷᠢᠳᠠᠪᠠᠷ ᠪᠠᠶᠢᠭᠤᠯᠵᠤ᠂ | ᠵᠢᠯ ᠤᠨ ᠳᠣᠲᠣᠷ᠎ᠠ ᠱᠧᠨ ᠳ᠋ᠦᠩ ᠺᠣᠮᠫᠠᠨᠢ ᠶᠢᠨ ︽ᠠᠭᠤᠷᠬᠠᠢ ᠶᠢᠨ ᠠᠮᠢ ᠠᠬᠤᠢ ᠶᠢᠨ ᠰᠢᠰᠲ᠋ᠧᠮ ᠢ ᠰᠡᠷᠭᠦᠭᠡᠨ | ᠵᠠᠰᠠᠬᠤ᠂ ᠠᠺᠠᠳᠧᠮᠢᠴᠢ ᠶᠢᠨ ᠠᠵᠢᠯᠯᠠᠬᠤ ᠲᠠᠰᠤᠭ ᠪᠠ ᠬᠠᠮᠲᠤᠷᠠᠭᠰᠠᠨ ᠲᠤᠷᠰᠢᠯᠲᠠ ᠶᠢᠨ ᠲᠠᠰᠤᠭ᠂ ᠠᠵᠤ | ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠡᠬᠢ ᠪᠠᠶᠠᠯᠢᠭᠵᠢᠭᠤᠯᠤᠨ ᠠᠰᠢᠭᠯᠠᠬᠤ᠂ ᠤᠶᠤᠨᠲᠤ | ᠠᠭᠤᠷᠬᠠᠢ ᠶᠢᠨ ᠳᠡᠭᠡᠰᠦ ᠲᠡᠰ ᠤᠨ ᠲᠣᠨᠤᠭ ᠲᠥᠬᠦᠭᠡᠷᠦᠮᠵᠢ ᠶᠢ ᠰᠤᠳᠤᠯᠤᠨ ᠨᠡᠭᠡᠭᠡᠬᠦ︾ ᠤᠯᠤᠰ ᠤᠨᠲ᠋ᠡᠰ ᠤᠨ 4 | ᠰᠢᠨ᠎ᠡ ᠶᠢ ᠡᠭᠦᠳᠬᠦ ᠲᠠᠪᠴᠠᠩ ᠤᠨ ᠪᠦᠲᠦᠭᠡᠨ ᠪᠠᠶᠢᠭᠤᠯᠤᠯᠲᠠ ᠶᠢ ᠰᠠᠶᠢᠲᠤᠷ ᠠᠳᠬᠤᠵᠤ᠂ ᠰᠢᠨ᠎ᠡ ᠶᠢ ᠡᠭᠦᠳᠬᠦ ᠡᠬᠢ | ᠪᠠᠶᠠᠯᠢᠭ ᠲᠥᠪᠯᠡᠷᠡᠭᠰᠡᠨ ᠥᠨᠳᠦᠷᠯᠢᠭ ᠭᠠᠵᠠᠷ ᠢ ᠪᠠᠶᠢᠭᠤᠯᠵᠤ᠂ ᠨᠠᠩ ᠣᠯᠠᠨ ᠬᠡᠷᠡᠭᠯᠡᠭᠡᠨ ᠤ ᠦᠷ᠎ᠡ ᠪᠦᠲᠦᠭᠡᠯ ᠢ ᠪᠤᠢ | ᠪᠣᠯᠭᠠᠨ᠎ᠠ᠃ | ᠭᠤᠷᠪᠠ ᠳᠤ᠂ ᠴᠢᠳᠠᠪᠤᠷᠢᠲᠠᠨ ᠢᠶᠠᠷ ᠬᠤᠰᠢᠭᠤ ᠪᠠᠨ ᠬᠦᠴᠦᠷᠬᠡᠭᠵᠢᠭᠦᠯᠬᠦ ᠢᠨᠵᠧᠨᠧᠷᠢᠩ ᠢ ᠶᠡᠬᠡᠪᠡᠷ | ᠬᠡᠷᠡᠭᠵᠢᠭᠦᠯᠦᠨ᠎ᠡ᠃ ᠳᠤᠮᠳᠠᠳᠤ ᠤᠯᠤᠰ ᠤᠨ ᠠᠭᠤᠷᠬᠠᠶ ᠶᠢᠨ ᠦᠢᠯᠡᠰ ᠤᠨ ᠶᠡᠭᠡ ᠰᠤᠷᠭᠠᠭᠤᠯᠢ᠂ ᠳᠤᠮᠳᠠᠳᠤ | ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠱᠧᠨᠵᠧᠨ ᠤ ᠲᠡᠷᠢᠭᠦᠨ ᠤ ᠬᠦᠷᠢᠶᠡᠯᠡᠩ ᠵᠡᠷᠭᠡ ᠲᠡᠷᠢᠭᠦᠨ | ᠲᠠᠰ ᠤᠨ ᠶᠡᠭᠡ ᠳᠡᠭᠡᠳᠦ ᠰᠤᠷᠭᠠᠭᠤᠯᠢ ᠶᠢᠨ ᠬᠦᠷᠢᠶᠡᠯᠡᠩ ᠭᠠᠵᠠᠷ ᠲᠠᠢ ᠴᠢᠳᠠᠪᠤᠷᠢᠲᠠᠨ ᠤ ᠬᠠᠮᠲᠤᠷᠠᠯᠴᠠᠭ᠎ᠠ ᠶᠢ | ᠭᠦᠨᠵᠡᠭᠡᠶᠢᠷᠡᠭᠦᠯᠵᠦ᠂ ᠠᠺᠠᠳᠧᠮᠢᠴᠢ ᠲᠤᠰᠬᠠᠶ ᠮᠡᠷᠭᠡᠵᠢᠯᠲᠡᠨ ᠵᠡᠷᠭᠡ ᠳᠡᠭᠡᠳᠦ ᠲᠠᠰ ᠤᠨ ᠴᠢᠳᠠᠪᠤᠷᠢᠲᠠᠨ ᠪᠠ | ᠳᠠᠭᠠᠭᠤᠯᠤᠭᠴᠢ ᠪᠦᠯᠬᠦᠮ ᠨᠡᠶᠢᠲᠡ ᠶᠢ ᠢᠳᠡᠪᠬᠢᠲᠡᠶ ᠪᠠᠷ ᠣᠷᠣᠭᠤᠯᠤᠨ ᠠᠪᠴᠢᠷᠠᠨ᠎ᠠ᠃ ᠴᠢᠳᠠᠪᠤᠷᠢᠲᠠᠨ ᠤ | ᠨᠡᠶᠢᠲᠡ ᠶᠢᠨ ᠪᠠᠶᠢᠷᠢ ᠪᠠ ᠬᠥᠳᠡᠯᠮᠦᠷᠢ ᠬᠦᠴᠦᠨ ᠤ ᠡᠬᠢ ᠪᠠᠶᠠᠯᠢᠭ ᠤᠨ ᠵᠠᠬ᠎ᠠ ᠳᠡᠯᠭᠡᠭᠦᠷ ᠤᠨ ᠦᠢᠯᠡᠴᠢᠯᠡᠭᠡᠨ ᠤ | ᠴᠢᠳᠠᠮᠵᠢ ᠶᠢ ᠲᠡᠭᠦᠯᠳᠡᠷᠵᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠰᠢᠨ᠎ᠡ ᠶᠢ ᠡᠭᠦᠳᠬᠦ | ᠪᠠ ᠰᠢᠯᠢᠳᠡᠭ ᠴᠢᠳᠠᠪᠤᠷᠢᠲᠠᠨ ᠢ ᠣᠷᠣᠭᠤᠯᠤᠨ ᠠᠪᠴᠢᠷᠠᠵᠤ ᠱᠠᠩᠨᠠᠨ ᠬᠥᠬᠢᠭᠦᠯᠬᠦ ᠲᠥᠷᠥ ᠶᠢᠨ ᠪᠣᠳᠣᠯᠭ᠎ᠠ ᠶᠢ | ᠪᠦᠷᠢᠨᠰᠢᠬᠦᠯᠵᠦ᠂ ᠲᠥᠷᠥ ᠶᠢᠨ ᠪᠣᠳᠣᠯᠭ᠎ᠠ ᠬᠢᠭᠡᠳ ᠦᠢᠯᠡᠴᠢᠯᠡᠭᠡᠨ ᠤ ᠬᠤᠤᠰ ᠬᠥᠳᠡᠯᠭᠡᠭᠦᠷ ᠢᠶᠠᠷ ᠳᠠᠮᠵᠢᠭᠤᠯᠤᠨ᠂ | ᠡᠯ᠎ᠡ ᠲᠥᠷᠥᠯ ᠤᠨ ᠴᠢᠳᠠᠪᠤᠷᠢᠲᠠᠨ ᠤ ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠬᠤ ᠳᠤ ᠰᠠᠶᠢᠨ ᠰᠠᠶᠢᠬᠠᠨ | ᠣᠷᠴᠢᠨ ᠲᠣᠭᠤᠷᠢᠨ ᠢ ᠪᠣᠶ ᠪᠣᠯᠭᠠᠵᠤ᠂ ᠣᠯᠠᠨ ᠡᠰᠢᠵᠢᠭ᠍ᠰᠡᠨ ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠬᠤ | ᠰᠢᠰᠲ᠋ᠧᠮᠵᠢ ᠶᠢ ᠪᠠᠶᠢᠭᠤᠯᠤᠨ᠎ᠠ᠃ | | | | |