ᠡᠵᠡᠨ ᠬᠤᠷᠤᠭ᠎ᠠ ᠬᠤᠰᠢᠭᠤᠨ ᠤ ︽ᠭᠤᠷᠪᠠ ᠶᠢ ᠴᠢᠩᠭᠠᠳᠬᠠᠵᠤ︾ ᠴᠢᠨᠠᠷ ᠰᠠᠶᠢᠲᠠᠶ ᠣᠯᠠᠨ ᠨᠡᠶᠢᠲᠡ ᠶᠢᠨ ᠦᠢᠯᠡᠴᠢᠯᠡᠭᠡ ᠶᠢ ᠰᠠᠶᠢᠵᠢᠷᠠᠭᠤᠯᠪᠠ
ᠨᠡᠶᠢᠲᠡᠯᠡᠭᠰᠡᠨ ᠴᠠᠭ᠄
2021/12/23
     ᠨᠢᠭᠡ ᠳᠤ᠂ ᠴᠢᠨᠠᠷ ᠰᠠᠶᠢᠲᠠᠶ ᠰᠤᠷᠭᠠᠨ ᠬᠥᠮᠦᠵᠢᠯ ᠤᠨ ᠬᠠᠩᠭᠠᠯᠭ᠎ᠠ ᠶᠢ ᠴᠢᠩᠭᠠᠳᠬᠠᠨ᠎ᠠ᠃ ᠬᠤᠲᠠ ᠶᠢᠨ ᠨᠢᠭᠡᠳᠦᠭᠡᠷ ᠳᠤᠮᠳᠠᠳᠤ ᠰᠤᠷᠭᠠᠭᠤᠯᠢ᠂ ᠪᠡᠭᠡᠵᠢᠩ ᠪᠠᠭᠰᠢ ᠶᠢᠨ ᠶᠡᠭᠡ ᠰᠤᠷᠭᠠᠭᠤᠯᠢ ᠶᠢᠨ ᠰᠤᠷᠭᠠᠨ ᠬᠥᠮᠦᠵᠢᠯ ᠤᠨ ᠪᠦᠯᠦᠭᠯᠡᠯ ᠲᠠᠢ ᠬᠠᠮᠲᠤᠷᠠᠨ ᠰᠤᠷᠭᠠᠭᠤᠯᠢ ᠡᠷᠬᠢᠯᠡᠬᠦ ᠶᠢ ᠭᠦᠨᠵᠡᠭᠡᠢᠷᠡᠭᠦᠯᠵᠦ᠂ ᠲᠡᠷᠢᠭᠦᠨ ᠤ ᠬᠠᠮᠢᠶᠠᠷᠤᠯᠲᠠ ᠶᠢᠨ ᠵᠠᠭᠪᠤᠷ ᠪᠠ ᠰᠢᠯᠢᠳᠡᠭ ᠪᠠᠭᠰᠢ ᠶᠢᠨ ᠬᠦᠴᠦᠨ ᠢ ᠣᠷᠣᠭᠤᠯᠤᠨ ᠠᠪᠴᠢᠷᠠᠵᠤ᠂ ᠠᠷᠠᠳ ᠢᠷᠭᠡᠳ ᠲᠤ ᠰᠢᠯᠢᠳᠡᠭ ᠰᠤᠷᠭᠠᠨ ᠬᠥᠮᠦᠵᠢᠯ ᠤᠨ ᠡᠬᠢ ᠪᠠᠶᠠᠯᠢᠭ ᠢ ᠡᠳ᠋ᠯᠡᠭᠦᠯᠦᠨ᠎ᠡ᠃ ᠰᠢᠯᠢᠳᠡᠭ ᠪᠠᠭᠰᠢ ᠶᠢ ᠣᠷᠣᠭᠤᠯᠤᠨ ᠠᠪᠴᠢᠷᠠᠬᠤ᠂ ᠪᠤᠶᠢᠵᠢᠭᠤᠯᠬᠤ ᠪᠠ ᠬᠥᠬᠢᠭᠦᠯᠦᠨ ᠰᠠᠶᠢᠰᠢᠶᠠᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠠᠵᠢᠯ ᠤᠨ ᠠᠮᠵᠢᠯᠲᠠ ᠪᠦᠲᠦᠮᠵᠢ ᠶᠢ ᠬᠢᠨᠠᠨ ᠰᠢᠯᠭᠠᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠢᠯᠡᠭᠦᠦ ᠬᠥᠳᠡᠯᠮᠦᠷᠢᠯᠡᠪᠡᠯ ᠢᠯᠡᠭᠦᠦ ᠣᠯᠭᠤᠬᠤ᠂ ᠰᠠᠶᠢᠲᠤᠷ ᠰᠤᠷᠭᠠᠵᠤ ᠢᠯᠡᠭᠦᠦ ᠬᠥᠯᠥᠰᠥ ᠣᠯᠭᠤᠮᠵᠢ ᠣᠯᠭᠤᠬᠤ ᠶᠢ ᠪᠡᠶᠡᠯᠡᠭᠦᠯᠦᠨ᠎ᠡ᠃ ᠭᠡᠷ ᠬᠥᠷᠥᠩᠭᠡ ᠶᠢᠨ ᠰᠤᠷᠤᠯᠭ᠎ᠠ ᠶᠢᠨ ᠤᠷᠤᠨ ᠪᠠᠶᠢᠷᠢ ᠬᠠᠮᠢᠶᠠᠷᠤᠯᠲᠠ ᠶᠢᠨ ᠥᠭᠡᠷᠡᠴᠢᠯᠡᠯᠲᠡ ᠶᠢ ᠡᠬᠢᠯᠡᠨ ᠬᠡᠷᠡᠭᠵᠢᠭᠦᠯᠵᠦ᠂ ᠭᠤᠣᠯ ᠬᠤᠲᠠ ᠲᠣᠭᠤᠷᠢᠭ ᠤᠨ ᠰᠤᠷᠭᠠᠨ ᠬᠥᠮᠦᠵᠢᠯ ᠤᠨ ᠴᠢᠨᠠᠷ ᠰᠠᠶᠢᠳᠠᠢ ᠲᠡᠩᠴᠡᠭᠦᠷᠢᠲᠡᠢ ᠬᠥᠭᠵᠢᠯᠲᠡ ᠶᠢ ᠠᠬᠢᠭᠤᠯᠤᠨ᠎ᠠ᠃ ᠪᠠᠭᠠᠴᠤᠳ ᠤᠨ ᠣᠷᠳᠣᠨ᠂ ᠰᠢᠨᠵᠢᠯᠡᠬᠦ ᠤᠬᠠᠭᠠᠨ ᠮᠡᠷᠭᠡᠵᠢᠯ ᠤᠨ ᠣᠷᠳᠣᠨ ᠪᠠ ᠠᠩᠬᠠᠨ ᠤ ᠬᠥᠮᠦᠵᠢᠯ ᠤᠨ ᠲᠥᠪ ᠢ ᠡᠬᠢᠯᠡᠨ ᠪᠠᠶᠢᠭᠤᠯᠵᠤ᠂ 32 ᠵᠦᠢᠯ ᠤᠨ ᠰᠤᠷᠭᠠᠨ ᠬᠥᠮᠦᠵᠢᠯ ᠤᠨ ᠰᠠᠭᠤᠷᠢ ᠲᠥᠬᠦᠭᠡᠷᠦᠮᠵᠢ ᠶᠢᠨ ᠲᠥᠷᠦᠯ ᠵᠦᠢᠯ ᠢ ᠰᠢᠨ᠎ᠡ ᠪᠠᠷ ᠪᠠᠶᠢᠭᠤᠯᠬᠤ ᠪᠤᠶᠤ ᠦᠷᠭᠦᠯᠵᠢᠯᠡᠨ ᠪᠠᠶᠢᠭᠤᠯᠵᠤ᠂ ᠬᠤᠲᠠ ᠶᠢᠨ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠬᠠᠷᠢᠶᠠᠲᠤ ᠪᠠᠭ᠎ᠠ ᠰᠤᠷᠭᠠᠭᠤᠯᠢ᠂ ᠮᠣᠷᠢᠨ ᠬᠤᠭᠤᠷ ᠤᠨ ᠣᠯᠠᠨ ᠤᠯᠤᠰ ᠎ ᠤᠨ ᠰᠤᠷᠭᠠᠭᠤᠯᠢ ᠵᠡᠷᠭᠡ 13 ᠲᠥᠷᠦᠯ ᠵᠦᠢᠯ ᠢ ᠵᠢᠯ ᠤᠨ ᠳᠣᠲᠣᠷ᠎ᠠ ᠠᠰᠢᠭᠯᠠᠯᠲᠠ ᠳᠤ ᠣᠷᠣᠭᠤᠯᠬᠤ ᠶᠢ ᠪᠠᠲᠤᠯᠠᠵᠤ ᠂ ᠰᠤᠷᠤᠯᠭ᠎ᠠ ᠶᠢᠨ ᠤᠷᠤᠨ ᠪᠠᠶᠢᠷᠢ ᠶᠢ ᠰᠢᠨ᠎ᠡ ᠪᠠᠷ 1900 ᠨᠡᠮᠡᠭᠳᠡᠭᠦᠯᠦᠨ᠎ᠡ᠃      ᠬᠤᠶᠠᠷ ᠲᠤ᠂ ᠴᠢᠨᠠᠷ ᠰᠠᠶᠢᠲᠠᠶ ᠡᠮᠴᠢᠯᠡᠭᠡᠨ ᠤ ᠬᠠᠩᠭᠠᠯᠭ᠎ᠠ ᠶᠢ ᠴᠢᠩᠭᠠᠷᠠᠭᠤᠯᠤᠨ᠎ᠠ᠃ ︽ᠡᠷᠡᠭᠦᠯ ᠡᠩᠬᠡ ᠡᠵᠡᠨ ᠬᠤᠷᠤᠭ᠎ᠠ︾᠎ ᠶᠢᠨ ᠪᠠᠶᠢᠭᠤᠯᠤᠯᠲᠠ ᠶᠢ ᠠᠬᠢᠭᠤᠯᠵᠤ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ᠂ ᠬᠤᠯᠤᠭᠠᠨ᠎ᠠ ᠶᠢᠨ ᠬᠢᠵᠢᠭ ᠵᠡᠷᠭᠡ ᠬᠠᠯᠳᠠᠪᠤᠷᠢᠲᠤ ᠡᠪᠡᠳᠴᠢᠨ ᠢ ᠶᠡᠷᠦᠩᠬᠡᠶᠢᠯᠡᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠂ ᠬᠠᠯᠳᠠᠪᠤᠷᠢᠲᠤ ᠲᠠᠭᠰᠢᠭᠤᠷ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠸᠠᠺᠼᠢᠨ ᠤ ᠲᠠᠷᠢᠯᠭ᠎ᠠ ᠶᠢᠨ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠨ᠎ᠠ᠃ ᠡᠮᠴᠢᠯᠡᠭᠡᠨ ᠤ ᠪᠦᠯᠦᠭᠯᠡᠯ ᠢ ᠪᠠᠶᠢᠭᠤᠯᠤᠨ᠂ ᠴᠢᠨᠠᠷ ᠰᠠᠶᠢᠲᠠᠶ ᠡᠮᠴᠢᠯᠡᠭᠡᠨ ᠤ ᠡᠬᠢ ᠪᠠᠶᠠᠯᠢᠭ ᠢ ᠳᠡᠭᠡᠭᠰᠢ ᠳᠣᠷᠣᠭᠰᠢ ᠨᠡᠪᠲᠡᠷᠡᠭᠦᠯᠬᠦ᠂ ᠬᠠᠮᠲᠤ ᠪᠠᠷ ᠡᠳ᠋ᠯᠡᠵᠦ ᠬᠠᠮᠲᠤ ᠪᠠᠷ ᠬᠡᠷᠡᠭᠯᠡᠬᠦ ᠶᠢ ᠠᠬᠢᠭᠤᠯᠵᠤ᠂ ᠬᠤᠰᠢᠭᠤ ᠡᠮᠨᠡᠯᠭᠡ ᠶᠢᠨ ᠬᠤᠷᠢᠶ᠎ᠠ ᠶᠢ ᠥᠷᠭᠡᠳᠬᠡᠨ ᠪᠠᠶᠢᠭᠤᠯᠬᠤ ᠢᠨᠵᠧᠨᠧᠷᠢᠩ ᠪᠠ ᠮᠣᠩᠭᠤᠯ ᠬᠢᠲᠠᠳ ᠡᠮᠨᠡᠯᠭᠡ ᠶᠢᠨ ᠬᠤᠷᠢᠶᠠᠨ ᠤ ᠶᠡᠷᠦᠩᠬᠡᠶᠢᠯᠡᠭᠰᠡᠨ ᠠᠰᠠᠷ᠂ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠤᠨ ᠲᠤᠷᠰᠢᠯᠲᠠ ᠶᠢᠨ ᠲᠠᠰᠤᠭ ᠵᠡᠷᠭᠡ ᠲᠥᠷᠥᠯ ᠵᠦᠢᠯ ᠢ ᠠᠰᠢᠭᠯᠠᠯᠲᠠ ᠳᠤ ᠣᠷᠣᠭᠤᠯᠵᠤ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠰᠠᠭᠤᠷᠢ ᠲᠥᠬᠦᠭᠡᠷᠦᠮᠵᠢ ᠶᠢᠨ ᠳᠤᠲᠠᠭᠤᠳᠠᠯ ᠢ ᠨᠥᠬᠦᠪᠥᠷᠢᠯᠡᠨ᠎ᠡ᠃      ᠭᠤᠷᠪᠠ ᠳᠤ᠂ ᠰᠢᠯᠢᠳᠡᠭ ᠰᠣᠶᠣᠯ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠬᠠᠩᠭᠠᠯᠭ᠎ᠠ ᠶᠢ ᠴᠢᠩᠭᠠᠳᠬᠠᠨ᠎ᠠ᠃ ᠤᠯᠠᠨ ᠲᠦᠮᠡᠨᠴᠢ ᠴᠢᠨᠠᠷᠲᠠᠢ ᠰᠣᠶᠣᠯ ᠲᠠᠮᠢᠷ ᠤᠨ ᠠᠵᠢᠯᠯᠠᠭ᠎ᠠ ᠶᠢ ᠥᠷᠭᠡᠨ ᠳᠡᠯᠭᠡᠷ ᠥᠷᠨᠢᠭᠦᠯᠵᠦ᠂ 10 ᠳ᠋ᠤᠭᠠᠷ ᠬᠤᠭᠤᠴᠠᠭᠠᠨ ᠤ ᠪᠦᠬᠦ ᠬᠤᠰᠢᠭᠤᠨ ᠤ ᠠᠵᠢᠯᠳᠠᠨ ᠠᠵᠢᠯᠴᠢᠨ ᠤ ᠲᠠᠮᠢᠷ ᠤᠨ ᠴᠤᠭᠯᠠᠭᠠᠨ᠂ ᠠᠷᠢᠭᠤᠨ ᠭᠠᠯ ᠰᠣᠶᠣᠯ ᠤᠨ ᠨᠠᠶᠢᠷ᠂ ᠵᠤᠯᠠ ᠶᠢᠨ ᠨᠠᠭᠠᠳᠤᠮ ᠵᠡᠷᠭᠡ ᠤᠯᠠᠨ ᠲᠦᠮᠡᠨᠴᠢ ᠴᠢᠨᠠᠷᠲᠠᠢ ᠰᠣᠶᠣᠯ ᠲᠠᠮᠢᠷ ᠤᠨ ᠠᠵᠢᠯᠯᠠᠭ᠎ᠠ ᠶᠢ ᠪᠦᠬᠦ ᠬᠦᠴᠦᠨ ᠢᠶᠠᠷ ᠢᠶᠠᠨ ᠰᠠᠶᠢᠲᠤᠷ ᠡᠷᠬᠢᠯᠡᠵᠦ᠂ ᠮᠦᠽᠧᠢ ᠶᠢ ᠡᠬᠢᠯᠡᠨ ᠪᠠᠶᠢᠭᠤᠯᠵᠤ᠂ ᠨᠢᠭᠡ ᠪᠦᠯᠦᠭ ᠬᠡᠷᠡᠭᠯᠡᠭᠡᠨ ᠤ ᠴᠢᠨᠠᠷᠲᠠᠢ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠣᠷᠳᠣᠨ ᠢ ᠪᠠᠶᠢᠭᠤᠯᠵᠤ᠂ ᠵᠠᠯᠠᠭᠤᠴᠤᠳ ᠪᠠᠭᠠᠴᠤᠳ ᠤᠨ ᠬᠦᠯ ᠪᠥᠮᠪᠦᠭᠡ ᠶᠢᠨ ᠪᠣᠯᠪᠠᠰᠤᠷᠠᠯ ᠤᠨ ᠰᠠᠭᠤᠷᠢᠨ ᠢ ᠥᠭᠡᠷᠡᠴᠢᠯᠡᠨ ᠳᠡᠭᠡᠭᠰᠢᠯᠡᠭᠦᠯᠵᠦ᠂ ᠠᠵᠢᠯᠴᠢᠨ ᠤ ᠰᠣᠶᠣᠯ ᠤᠨ ᠣᠷᠳᠣᠨ ᠤ ᠠᠰᠢᠭᠯᠠᠯᠲᠠ ᠳᠤ ᠣᠷᠣᠬᠤ ᠶᠢ ᠪᠠᠲᠤᠯᠠᠬᠤ ᠬᠡᠷᠡᠭᠲᠡᠢ᠃ ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠨ ᠬᠠᠮᠠᠭᠠᠯᠠᠬᠤ ᠶᠢ ᠴᠢᠩᠭᠠᠳᠬᠠᠵᠤ᠂ ︽ᠴᠢᠩᠭᠢᠰ ᠬᠠᠭᠠᠨ ᠤ ᠲᠠᠬᠢᠯᠭ᠎ᠠ︾᠂ ︽ᠣᠷᠳᠣᠰ ᠬᠤᠷᠢᠮ︾ ᠵᠡᠷᠭᠡ ᠰᠣᠶᠣᠯ ᠤᠨ ᠲᠥᠷᠥᠯ ᠲᠡᠮᠳᠡᠭ ᠤᠨ ᠨᠥᠯᠥᠭᠡᠯᠡᠬᠦ ᠬᠦᠴᠦᠨ ᠢ ᠳᠡᠭᠡᠭᠰᠢᠯᠡᠭᠦᠯᠵᠦ᠂ ᠠᠷᠠᠳ ᠣᠯᠠᠨ ᠤ ᠣᠯᠠᠨ ᠲᠠᠰ ᠳᠠᠪᠬᠤᠷᠭ᠎ᠠ ᠶᠢᠨ ᠰᠣᠶᠣᠯ ᠤᠨ ᠬᠡᠷᠡᠭᠴᠡᠭᠡ ᠶᠢ ᠬᠠᠩᠭᠠᠨ᠎ᠠ᠃
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号