| 2021 ᠣᠨ ᠳᠤ᠂ ᠡᠵᠡᠨ ᠬᠤᠷᠤᠭ᠎ᠠ ᠬᠤᠰᠢᠭᠤ ︽ᠡᠨᠧᠷᠭᠢ ᠶᠢᠨ ᠬᠤᠷᠣᠭᠳᠠᠯ ᠢ ᠪᠠᠭᠠᠰᠬᠠᠵᠤ᠂ ᠥᠪᠡᠷ ᠤᠨ | ᠥᠷᠲᠡᠭ ᠢ ᠠᠷᠪᠢᠯᠠᠬᠤ︾ ᠪᠠᠷ ᠵᠠᠷᠴᠢᠮ ᠪᠣᠯᠭᠠᠵᠤ᠂ ︽ᠥᠩᠭᠡᠲᠦ ᠳ᠋ᠧᠩ᠂ ᠱᠤᠭᠤᠮᠠᠯ᠂ ᠵᠠᠮ ᠤᠨ ᠳ᠋ᠧᠩ ᠂ | ᠨᠣᠭᠤᠭᠠᠷᠠᠭᠤᠯᠤᠯᠲᠠ ᠶᠢᠨ ᠭᠡᠷᠡᠯᠲᠦᠭᠦᠯᠭᠡ︾ ᠵᠡᠷᠭᠡ ᠶᠢ ᠬᠡᠷᠡᠭᠯᠡᠨ᠂ ᠤᠯᠠᠮᠵᠢᠯᠠᠯᠲᠤ ᠥᠩᠭᠡᠲᠦ ᠳ᠋ᠧᠩ ᠤᠨ ᠭᠠᠷ | ᠤᠷᠠᠯᠠᠯ ᠪᠣᠯᠤᠨ ᠣᠲᠣ ᠦᠶ᠎ᠡ ᠶᠢᠨ ᠳᠡᠭᠡᠳᠦ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠷᠭ᠎ᠠ ᠪᠠᠷᠢᠯ ᠢ | ᠤᠶᠠᠯᠳᠤᠭᠤᠯᠬᠤ ᠠᠷᠭ᠎ᠠ ᠪᠠᠷ᠂ 17 ᠵᠡᠭᠡᠯᠢ ᠭᠤᠳᠤᠮᠵᠢ᠂ 15 ᠵᠠᠩᠭᠢᠯᠠᠭ᠎ᠠ ᠶᠢᠨ ᠴᠡᠭ ᠲᠤ ᠪᠠᠶᠠᠷ ᠤᠨ ᠡᠳᠦᠷ ᠤᠨ | ᠭᠡᠷᠡᠯᠲᠦᠭᠦᠯᠭᠡ ᠬᠢᠵᠦ᠂ ᠣᠯᠠᠨ ᠲᠦᠮᠡᠨ ᠳᠤ ᠤᠯᠠᠮᠵᠢᠯᠠᠯ ᠪᠠ ᠣᠲᠣ ᠦᠶ᠎ᠡ ᠶᠢ ᠤᠶᠠᠯᠳᠤᠭᠤᠯᠤᠭᠰᠠᠨ ᠰᠣᠶᠣᠯ | ᠤᠷᠠᠯᠢᠭ ᠤᠨ ᠷᠢᠳᠢ ᠰᠢᠳᠢ ᠶᠢ ᠣᠶᠢᠯᠠᠭᠠᠭᠤᠯᠵᠤ᠂ ᠭᠦᠨ ᠵᠤᠵᠠᠭᠠᠨ ᠪᠠᠶᠠᠷ ᠤᠨ ᠡᠳᠦᠷ ᠤᠨ ᠠᠭᠤᠷ ᠠᠮᠢᠰᠬᠤᠯ ᠢ | ᠮᠡᠳᠡᠷᠡᠭᠦᠯᠪᠡ᠃ ᠲᠣᠰ ᠤᠳᠠᠭᠠᠨ ᠤ ᠭᠡᠷᠡᠯᠲᠦᠭᠦᠯᠭᠡ ᠶᠢᠨ ᠢᠨᠵᠧᠨᠧᠷᠢᠩ ᠨᠢ ᠥᠩᠭᠡᠷᠡᠭᠰᠡᠨ ᠵᠢᠯ ᠤᠳ ᠤᠨ ᠬᠡᠷᠡᠭᠯᠡᠵᠦ | ᠥᠩᠭᠡᠷᠡᠭᠰᠡᠨ ᠬᠠᠭᠤᠴᠢᠨ ᠦᠢᠯᠡᠳᠬᠦᠨ ᠢ ᠳᠠᠬᠢᠨ ᠰᠡᠯᠪᠢᠨ ᠵᠠᠰᠠᠬᠤ᠂ ᠤᠭᠰᠠᠷᠠᠬᠤ᠂ ᠳᠠᠬᠢᠨ ᠠᠰᠢᠭᠯᠠᠬᠤ ᠪᠠᠷ | ᠳᠡᠮᠵᠢᠨ᠂ ᠵᠠᠰᠠᠯ ᠴᠢᠮᠡᠭᠯᠡᠯ ᠢ ᠳᠠᠬᠢᠨ ᠳᠠᠪᠲᠠᠨ ᠬᠡᠷᠡᠭᠯᠡᠭᠰᠡᠨ ᠨᠣᠷᠮ᠎ᠠ ᠨᠢ 80 % ᠳᠤ ᠬᠦᠷᠴᠡᠶ᠃ ᠬᠤᠳᠠᠯᠳᠤᠨ | ᠠᠪᠬᠤ ᠮᠠᠲ᠋ᠧᠷᠢᠶᠠᠯ ᠨᠢ ᠡᠨᠧᠷᠭᠢ ᠠᠷᠪᠢᠯᠠᠬᠤ ᠪᠠᠷ ᠭᠤᠣᠯ ᠪᠣᠯᠭᠠᠨ᠂ ᠦᠢᠯᠡᠳᠬᠦᠨ ᠢ ᠠᠳᠠᠯᠢ ᠦᠨ᠎ᠡ ᠶᠢᠨ ᠰᠠᠭᠤᠷᠢᠨ | ᠳᠡᠭᠡᠷ᠎ᠡ ᠥᠪᠡᠷ ᠤᠨ ᠥᠷᠲᠡᠭ ᠢ ᠨᠢ 30 % 50 % ᠪᠠᠷ ᠪᠠᠭᠤᠷᠠᠭᠤᠯᠬᠤ ᠶᠢᠨ ᠬᠠᠮᠲᠤ ᠵᠠᠩᠭᠢᠯᠠᠭ᠎ᠠ ᠴᠡᠭ ᠤᠨ | ᠬᠡᠪ ᠳᠦᠷᠰᠦ ᠶᠢ ᠬᠡᠷᠡᠭᠯᠡᠬᠦ ᠵᠢᠯ ᠬᠤᠭᠤᠴᠠᠭ᠎ᠠ ᠶᠢ ᠭᠤᠷᠪᠠᠨ ᠵᠢᠯ ᠠᠴᠠ ᠳᠡᠭᠡᠭᠰᠢ ᠳᠤ ᠬᠦᠷᠦᠭᠦᠯᠬᠦ ᠶᠢ ᠦᠨᠡᠨᠬᠦ | ᠪᠠᠳᠤᠯᠠᠪᠠ᠃ |