ᠡᠵᠡᠨ ᠬᠤᠷᠤᠭ᠎ᠠ ᠬᠤᠰᠢᠭᠤ ᠠᠮᠢ ᠠᠬᠤᠶ ᠣᠷᠴᠢᠨ ᠲᠣᠭᠤᠷᠢᠨ ᠤ ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠵᠤ ᠡᠬᠡ ᠤᠯᠤᠰ ᠤᠨ ᠤᠮᠠᠷᠠᠲᠤ ᠶᠢᠨ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠬᠤ ᠳᠤ ᠬᠦᠴᠦᠨ ᠴᠢᠳᠠᠯ ᠢᠶᠠᠨ ᠡᠷᠭᠦᠪᠡ
ᠨᠡᠶᠢᠲᠡᠯᠡᠭᠰᠡᠨ ᠴᠠᠭ᠄
2021/12/23
     ᠨᠢᠭᠡ ᠳᠤ᠂ ᠠᠮᠢ ᠠᠬᠤᠶ ᠶᠢᠨ ᠰᠢᠰᠲ᠋ᠧᠮ ᠤᠨ ᠨᠡᠭᠦᠷᠡᠰᠦᠲᠥ᠋ᠷᠥᠭᠴᠢ ᠰᠢᠩᠭᠡᠭᠡᠬᠦ ᠴᠢᠳᠠᠪᠤᠷᠢ ᠶᠢ ᠬᠦᠴᠦᠯᠡᠨ ᠳᠡᠭᠡᠭᠰᠢᠯᠡᠭᠦᠯᠦᠨ᠎ᠡ᠃ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠪᠠᠶᠢᠯᠳᠤᠬᠤ ᠪᠣᠳᠣᠯᠭ᠎ᠠ ᠢ ᠪᠠᠲᠤᠯᠠᠵᠤ᠂ ᠠᠭᠤᠯᠠ ᠤᠰᠤ ᠣᠶ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠢ ᠰᠢᠰᠲ᠋ᠧᠮ ᠲᠠᠢ ᠵᠠᠰᠠᠬᠤ ᠶᠢ ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ᠂ ᠪᠡᠭᠡᠵᠢᠩ ᠲᠢᠶᠠᠨᠵᠢᠨ ᠤ ᠰᠠᠯᠬᠢ ᠡᠯᠡᠰᠦᠨ ᠤ ᠡᠬᠢ ᠶᠢ ᠵᠠᠰᠠᠬᠤ᠂ ᠨᠤᠲᠤᠭ ᠪᠡᠯᠴᠢᠭᠡᠷ ᠤᠨ ᠠᠮᠢ ᠠᠬᠤᠶ ᠶᠢ ᠰᠡᠷᠭᠦᠭᠡᠬᠦ᠂ ᠬᠥᠷᠥᠰᠥ ᠰᠢᠷᠣᠶ ᠶᠢ ᠬᠠᠮᠠᠭᠠᠯᠠᠬᠤ ᠵᠡᠷᠭᠡ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠶᠢᠨ ᠭᠤᠤᠯᠳᠠᠯᠭ᠎ᠠ ᠲᠠᠢ ᠢᠨᠵᠧᠨᠧᠷᠢᠩ ᠢ ᠭᠦᠨᠵᠡᠭᠡᠶ ᠬᠡᠷᠡᠭᠵᠢᠭᠦᠯᠦᠨ᠎ᠡ᠃ ︽ᠤᠢ ᠶᠢᠨ ᠳᠠᠷᠤᠭ᠎ᠠ ᠶᠢᠨ ᠳᠦᠷᠢᠮ︾᠎ ᠢ ᠰᠢᠨᠡᠴᠢᠯᠡᠨ ᠬᠡᠷᠡᠭᠵᠢᠭᠦᠯᠵᠦ᠂ ᠪᠦᠬᠦ ᠠᠷᠠᠳ ᠤᠨ ᠠᠯᠪᠠᠨ ᠵᠢᠷᠤᠮ ᠤᠨ ᠮᠣᠳᠣ ᠲᠠᠷᠢᠬᠤ ᠠᠵᠢᠯᠯᠠᠭ᠎ᠠ ᠶᠢ ᠥᠷᠨᠢᠭᠦᠯᠦᠨ᠂ ᠵᠦᠩ ᠬᠠᠢ ᠷᠦᠩ ᠰᠢ ᠤᠯᠤᠰ ᠤᠨ ᠨᠥᠭᠡᠴᠡ ᠣᠢ ᠶᠢᠨ ᠲᠥᠷᠦᠯ ᠵᠦᠢᠯ ᠢ ᠪᠦᠬᠦ ᠬᠦᠴᠦᠨ ᠢᠶᠠᠷ ᠲᠦᠯᠬᠢᠨ ᠠᠬᠢᠭᠤᠯᠵᠤ᠂ ᠵᠢᠯ ᠤᠨ ᠳᠣᠲᠣᠷ᠎ᠠ 30 ᠲᠦᠮᠡᠨ ᠮᠦ ᠠᠴᠠ ᠳᠡᠭᠡᠭᠰᠢᠬᠢ ᠣᠢ ᠰᠢᠭᠤᠢ ᠡᠪᠡᠰᠦ ᠪᠡᠯᠴᠢᠭᠡᠷ ᠤᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠦᠨ᠂ ᠣᠢ ᠰᠢᠭᠤᠢ ᠶᠢᠨ ᠬᠠᠳᠠᠭᠠᠯᠠᠭᠳᠠᠴᠠ ᠪᠠ ᠠᠮᠢ ᠠᠬᠤᠢ ᠶᠢᠨ ᠰᠢᠰᠲ᠋ᠧᠮ ᠤᠨ ᠨᠡᠭᠦᠷᠡᠰᠦᠲᠦᠷᠦᠭᠴᠢ ᠬᠤᠷᠠᠮᠳᠤᠭᠤᠯᠬᠤ ᠴᠢᠳᠠᠪᠤᠷᠢ ᠶᠢ ᠬᠦᠴᠦᠯᠡᠨ ᠳᠡᠭᠡᠭᠰᠢᠯᠡᠭᠦᠯᠦᠨ᠎ᠡ᠃      ᠬᠤᠶᠠᠷ ᠲᠤ᠂ ᠠᠮᠢ ᠠᠬᠤᠶ ᠶᠢ ᠰᠡᠷᠭᠦᠭᠡᠨ ᠵᠠᠰᠠᠬᠤ ᠪᠥᠬᠦ ᠤᠯᠤᠰ ᠤᠨ ᠥᠯᠢᠭᠡᠷ ᠵᠠᠭᠪᠤᠷ ᠢ ᠪᠣᠶ ᠪᠣᠯᠭᠠᠨ᠎ᠠ᠃ ︽ᠬᠠᠪᠲᠠᠰᠤᠨ ᠳᠡᠭᠡᠷᠡᠬᠢ ᠭᠡᠷᠡᠯ ᠴᠡᠨᠡᠭ ᠢᠶᠠᠷ ᠴᠠᠬᠢᠯᠭᠠᠨ ᠭᠠᠷᠭᠠᠬᠤ᠂ ᠬᠠᠪᠲᠠᠰᠤᠨ ᠳᠣᠣᠷᠠᠬᠢ ᠠᠮᠢ ᠠᠬᠤᠢ ᠶᠢᠨ ᠠᠵᠤ ᠦᠢᠯᠡᠰ︾᠎ ᠤᠨ  ᠰᠡᠳᠬᠢᠴᠡ ᠪᠠᠷ᠂ ︽ᠣᠢ ᠰᠢᠭᠤᠢ ᠭᠡᠷᠡᠯ ᠬᠠᠷᠢᠯᠴᠠᠨ ᠨᠥᠬᠦᠪᠥᠷᠢᠯᠡᠬᠦ᠂ ᠮᠠᠯ ᠠᠵᠤ ᠠᠬᠤᠢ ᠭᠡᠷᠡᠯ ᠬᠠᠷᠢᠯᠴᠠᠨ ᠨᠥᠬᠦᠪᠥᠷᠢᠯᠡᠬᠦ᠂ ᠭᠡᠷᠡᠯ ᠴᠡᠨᠡᠭ + ᠤᠰᠤᠲᠥ᠋ᠷᠥᠭᠴᠢ︾ ᠵᠡᠷᠭᠡ ᠣᠯᠠᠨ ᠵᠦᠢᠯ ᠤᠨ ᠵᠠᠭᠪᠤᠷ ᠢ ᠰᠦᠪᠡᠭᠴᠢᠯᠡᠵᠦ᠂ ᠴᠢᠴᠠᠷᠭᠠᠨ᠎ᠠ ᠶᠢᠨ ᠪᠤᠷᠭᠠᠰᠤ᠂ ᠴᠢᠨᠠᠷ ᠰᠠᠶᠢᠲᠠᠢ ᠪᠡᠯᠴᠢᠭᠡᠷ ᠡᠪᠡᠰᠦ᠂ ᠣᠶᠤᠨᠴᠢ ᠴᠢᠬᠢ ᠮᠣᠳᠣᠨ ᠤ ᠬᠦᠷᠢᠶᠡᠯᠡᠩ ᠪᠠ ᠠᠵᠤ ᠠᠬᠤᠢ ᠶᠢᠨ ᠣᠢ ᠵᠡᠷᠭᠡ ᠢᠵᠢ ᠪᠦᠷᠢᠳᠦᠭᠰᠡᠨ ᠠᠵᠤ ᠦᠢᠯᠡᠰ ᠤᠨ ᠲᠥᠷᠥᠯ ᠵᠦᠢᠯ ᠢ ᠶᠡᠬᠡᠪᠡᠷ ᠬᠡᠷᠡᠭᠵᠢᠭᠦᠯᠵᠦ᠂ ︽ᠠᠮᠢ ᠠᠬᠤᠢ ᠶᠢ ᠠᠵᠤ ᠦᠢᠯᠡᠰᠵᠢᠭᠦᠯᠬᠦ᠂ ᠠᠵᠤ ᠦᠢᠯᠡᠰ ᠢ ᠠᠮᠢ ᠠᠬᠤᠶᠢᠵᠢᠭᠤᠯᠬᠤ︾ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠤᠨ᠎ᠠ᠃ ᠠᠭᠤᠷᠬᠠᠶ ᠶᠢᠨ ᠭᠠᠵᠠᠷ ᠤᠨ ᠣᠷᠴᠢᠨ ᠲᠣᠭᠤᠷᠢᠨ ᠢ ᠰᠡᠷᠭᠦᠭᠡᠨ ᠵᠠᠰᠠᠬᠤ ᠰᠠᠭᠤᠷᠢ ᠮᠥᠩᠭᠦ ᠶᠢ ᠨᠢᠭᠡᠳᠦᠯᠲᠡᠶ ᠲᠥᠯᠥᠪᠵᠢᠭᠦᠯᠦᠨ ᠰᠠᠶᠢᠲᠤᠷ ᠬᠡᠷᠡᠭᠯᠡᠵᠦ᠂ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠪᠠ ᠭᠠᠵᠠᠷ ᠰᠢᠷᠣᠶ ᠶᠢ ᠰᠡᠷᠭᠦᠭᠡᠨ ᠬᠠᠭᠠᠯᠪᠤᠷᠢᠯᠠᠬᠤ᠂ ᠠᠮᠢ ᠠᠬᠤᠶ ᠶᠢ ᠰᠡᠷᠭᠦᠭᠡᠨ ᠵᠠᠰᠠᠬᠤ ᠶᠢ ᠤᠶᠠᠯᠳᠤᠭᠤᠯᠵᠤ᠂ ᠴᠡᠪᠡᠷ ᠡᠨᠧᠷᠭᠢ ᠶᠢ ᠨᠡᠭᠡᠭᠡᠨ ᠠᠰᠢᠭᠯᠠᠬᠤ᠂ ᠠᠭᠤᠷᠬᠠᠶ ᠶᠢᠨ ᠣᠷᠣᠨ ᠤ ᠠᠮᠢ ᠠᠬᠤᠶ ᠶᠢ ᠰᠡᠷᠭᠦᠭᠡᠨ ᠵᠠᠰᠠᠬᠤ᠂ ᠰᠤᠯᠠ ᠪᠠᠶᠢᠭ᠎ᠠ ᠭᠠᠵᠠᠷ ᠰᠢᠷᠣᠶ ᠶᠢ ᠠᠰᠢᠭᠯᠠᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠬᠦ ᠶᠢ ᠳᠠᠶᠢᠴᠢᠯᠠᠵᠤ᠂ ︽ᠠᠭᠯᠠᠭ ᠠᠭᠤᠯᠠ ᠠᠲᠠᠷ ᠭᠠᠵᠠᠷ︾᠎ ᠢ ︽ᠠᠯᠲᠠ ᠮᠥᠩᠭᠦᠨ ᠠᠭᠤᠯᠠ︾ ᠪᠣᠯᠭᠠᠨ ᠬᠤᠪᠢᠷᠠᠭᠤᠯᠤᠨ᠎ᠠ᠃      ᠭᠤᠷᠪᠠ ᠳᠤ᠂ ᠪᠣᠬᠢᠷᠲᠤᠯ ᠢ ᠰᠡᠷᠭᠡᠶᠢᠯᠡᠨ ᠵᠠᠰᠠᠬᠤ ᠰᠢᠨ᠎ᠡ ᠦᠷ᠎ᠡ ᠪᠦᠲᠦᠮᠵᠢ ᠶᠢ ᠲᠠᠰᠤᠷᠠᠯᠲᠠ ᠥᠬᠡᠶ ᠤᠯᠪᠠ᠃ ᠠᠭᠤᠷᠬᠠᠶ ᠶᠢᠨ ᠣᠷᠣᠨ ᠤ ᠣᠷᠴᠢᠨ ᠲᠣᠭᠤᠷᠢᠨ ᠢ ᠶᠡᠷᠦᠩᠬᠡᠶᠢᠯᠡᠨ ᠴᠡᠭᠴᠡᠯᠡᠨ ᠵᠠᠰᠠᠬᠤ ᠡᠷᠴᠢᠮ ᠢᠶᠠᠨ ᠴᠢᠩᠭᠠᠷᠠᠭᠤᠯᠵᠤ᠂ ᠨᠡᠭᠦᠷᠡᠰᠦ ᠰᠢᠲᠠᠭᠠᠬᠤ ᠮᠠᠰᠢᠨ ᠴᠣᠭᠴᠠᠯᠠᠪᠤᠷᠢ ᠶᠢᠨ ᠬᠡᠲᠦ ᠳᠤᠤᠷ᠎ᠠ ᠭᠠᠳᠠᠭᠰᠢᠯᠠᠭᠤᠯᠬᠤ ᠪᠠᠷ ᠥᠭᠡᠷᠡᠴᠢᠯᠡᠨ ᠵᠠᠰᠠᠬᠤ᠂ ᠵᠠᠮ ᠤᠨ ᠳᠡᠭᠳᠡᠮᠡᠯ ᠲᠣᠭᠤᠰᠣ ᠶᠢ ᠶᠡᠷᠦᠩᠬᠡᠶᠢᠯᠡᠨ ᠴᠡᠭᠴᠡᠯᠡᠨ ᠵᠠᠰᠠᠬᠤ᠂ ᠨᠤᠨᠲᠠᠭ ᠬᠡᠯᠪᠡᠷᠢ ᠶᠢᠨ ᠮᠠᠲ᠋ᠧᠷᠢᠶᠠᠯ ᠣᠪᠣᠭᠠᠯᠠᠬᠤ ᠲᠠᠯᠠᠪᠠᠶ ᠶᠢ ᠪᠢᠲᠡᠭᠦᠮᠵᠢᠯᠡᠨ ᠬᠠᠮᠢᠶᠠᠷᠬᠤ ᠵᠡᠷᠭᠡ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠲᠥᠷᠥᠯ ᠵᠦᠢᠯ ᠢ ᠠᠬᠢᠭᠤᠯᠤᠨ᠎ᠠ︔ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ᠂ ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ᠂ ᠤᠰᠤᠨ ᠤ ᠠᠮᠢ ᠠᠬᠤᠶ ᠶᠢ ᠵᠠᠰᠠᠨ ᠰᠡᠷᠭᠦᠭᠡᠬᠦ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ᠰᠠᠨᠰᠠᠷ ᠤᠨ ᠠᠶᠠᠯᠠᠯ ᠤᠨ ᠺᠠᠶ ᠲᠢᠶᠠᠨ ᠵᠡᠷᠭᠡ ᠤᠯᠤᠰ ᠤᠨ ᠳᠣᠲᠣᠭᠠᠳᠤ ᠶᠢᠨ ᠳᠡᠭᠡᠳᠦ ᠰᠢᠨᠵᠢᠯᠡᠬᠦ ᠤᠬᠠᠭᠠᠨ ᠮᠡᠷᠭᠡᠵᠢᠯ ᠤᠨ ᠣᠷᠴᠢᠨ ᠲᠣᠭᠤᠷᠢᠨ ᠢ ᠬᠠᠮᠠᠭᠠᠯᠠᠬᠤ ᠠᠵᠤ ᠠᠬᠤᠶᠢᠯᠠᠯ ᠢ ᠣᠷᠣᠭᠤᠯᠤᠨ ᠠᠪᠴᠢᠷᠠᠵᠤ᠂ ᠵᠡᠬᠦᠨ ᠪᠠᠷᠠᠭᠤᠨ ᠤᠯᠠᠭᠠᠨᠨᠠᠭᠤᠷ ᠤᠨ ᠤᠰᠤᠨ ᠴᠣᠭᠴᠠ ᠶᠢ ᠵᠠᠰᠠᠬᠤ᠂ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ᠂ ᠨᠡᠭᠦᠷᠡᠰᠦᠨ ᠴᠢᠯᠠᠭᠤ ᠶᠢ ᠰᠢᠢᠳᠪᠦᠷᠢᠯᠡᠬᠦ ᠵᠡᠷᠭᠡ ᠬᠠᠮ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠢᠨᠵᠧᠨᠧᠷᠢᠩ ᠢ ᠬᠡᠷᠡᠭᠵᠢᠭᠦᠯᠦᠨ᠎ᠡ᠃ ᠤᠯᠠᠭᠠᠨᠮᠦ᠋ᠷᠡᠨ ᠭᠤᠤᠯ᠂ ᠪᠤᠬ᠎ᠠ ᠶᠢᠨ ᠭᠤᠤᠯ ᠵᠡᠷᠭᠡ ᠬᠠᠲᠤᠨ ᠭᠤᠤᠯ ᠤᠨ ᠰᠠᠪᠠ ᠭᠠᠵᠠᠷ ᠤᠨ ᠰᠠᠯᠪᠤᠷᠢ ᠤᠷᠤᠰᠬᠠᠯ ᠤᠨ ᠣᠭᠲᠣᠯᠤᠭᠠᠰᠤ ᠶᠢᠨ ᠤᠰᠤᠨ ᠤ ᠴᠢᠨᠠᠷ ᠢ ᠲᠣᠭᠲᠠᠭᠤᠨ ᠢᠶᠠᠷ ᠪᠠᠷᠢᠮᠵᠢᠶ᠎ᠠ ᠳᠤ ᠬᠦᠷᠦᠭᠦᠯᠬᠦ ᠶᠢ ᠦᠨᠡᠨᠬᠦ ᠪᠠᠲᠤᠯᠠᠨ᠎ᠠ᠃ ᠬᠤᠭ ᠨᠣᠪᠰᠢ ᠶᠢ ᠡᠬᠢ ᠡᠭᠦᠰᠦᠯ ᠠᠴᠠ ᠨᠢ ᠪᠠᠭᠠᠰᠬᠠᠬᠤ ᠶᠢ ᠰᠠᠶᠢᠲᠤᠷ ᠠᠳᠬᠤᠵᠤ᠂ ᠬᠤᠭ ᠨᠣᠪᠰᠢ ᠶᠢ ᠬᠤᠤᠷ ᠥᠬᠡᠶᠢᠳᠡᠭᠦᠯᠬᠦ᠂ ᠡᠬᠢ ᠪᠠᠶᠠᠯᠢᠭᠵᠢᠭᠤᠯᠤᠨ ᠰᠢᠢᠳᠪᠦᠷᠢᠯᠡᠬᠦ ᠴᠢᠳᠠᠪᠤᠷᠢ ᠶᠢ ᠴᠢᠩᠭᠠᠷᠠᠭᠤᠯᠤᠨ᠎ᠠ᠃
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号