ᠡᠵᠡᠨ ᠬᠤᠷᠤᠭ᠎ᠠ ᠬᠤᠰᠢᠭᠤᠨ ᠤ ᠣᠯᠠᠨ ᠵᠦᠢᠯ ᠤᠨ ᠠᠷᠭ᠎ᠠ ᠬᠡᠮᠵᠢᠶ᠎ᠡ ᠰᠢᠨ᠎ᠡ ᠬᠡᠯᠪᠡᠷᠢ ᠶᠢᠨ ᠬᠤᠲᠠ ᠪᠠᠯᠭᠠᠰᠤᠵᠢᠯᠲᠠ ᠶᠢᠨ ᠪᠥᠲᠥᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠶ ᠠᠬᠢᠭᠤᠯᠵᠤ ᠪᠣᠶ
ᠨᠡᠶᠢᠲᠡᠯᠡᠭᠰᠡᠨ ᠴᠠᠭ᠄
2021/12/23
     ᠨᠢᠭᠡ ᠳᠤ᠂ ᠬᠤᠲᠠ ᠶᠢ ᠰᠢᠨᠡᠳᠬᠡᠬᠦ ᠠᠵᠢᠯᠯᠠᠭ᠎ᠠ ᠶᠢ ᠭᠦᠨᠵᠡᠭᠡᠶ ᠬᠡᠷᠡᠭᠵᠢᠭᠦᠯᠦᠨ᠎ᠡ᠃ 5 ᠬᠡᠰᠡᠭ ᠲᠣᠭᠤᠷᠢᠭ ᠤᠨ ᠢᠵᠢ ᠪᠦᠷᠢᠳᠦᠭᠦᠯᠬᠦ ᠬᠤᠲᠠ ᠶᠢᠨ ᠶᠠᠪᠤᠳᠠᠯ ᠤᠨ ᠵᠠᠮ ᠤᠨ ᠲᠣᠣᠷ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠱᠢ ᠭᠧ ᠲᠠᠢ ᠶᠡᠭᠡ ᠬᠥᠭᠦᠷᠭᠡ᠂ ᠪᠤᠭᠤᠳᠤ ᠠᠴᠠ ᠮᠤᠤ ᠮᠢᠩ ᠬᠦᠷᠬᠦ ᠥᠨᠳᠥᠷ ᠬᠤᠷᠳᠤᠴᠠᠲᠤ ᠵᠠᠰᠠᠮᠠᠯ ᠵᠠᠮ ᠠᠴᠠ ᠬᠤᠳᠠ ᠶᠢᠨ ᠡᠮᠦᠨᠡᠬᠦᠷ ᠦᠭᠭᠡᠷᠡᠬᠦ ᠵᠠᠰᠠᠮᠠᠯ ᠵᠠᠮ ᠤᠨ ᠬᠤᠯᠪᠣᠬᠤ ᠱᠤᠭᠤᠮ ᠤᠨ ᠢᠨᠵᠧᠨᠧᠷᠢᠩ ᠢ ᠡᠬᠢᠯᠡᠭᠦᠯᠦᠨ ᠬᠡᠷᠡᠭᠵᠢᠭᠦᠯᠦᠨ᠎ᠡ᠃ 6 ᠶᠡᠭᠡ ᠣᠷᠣᠨ ᠪᠦᠰᠡ᠂ 18 ᠵᠤᠷᠪᠤᠰ ᠵᠠᠮ ᠤᠨ ᠠᠮᠢ ᠠᠬᠤᠢ ᠶᠢᠨ ᠦᠵᠡᠮᠵᠢ ᠶᠢ ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠵᠦ᠂ ᠨᠡᠶᠢᠭᠡᠮ ᠲᠣᠭᠤᠷᠢᠭ ᠤᠨ ᠪᠡᠶ᠎ᠡ ᠴᠢᠭᠢᠷᠠᠭᠵᠢᠭᠤᠯᠬᠤ᠂ ᠵᠢᠭᠤᠯᠴᠢᠯᠠᠯ ᠤᠨ ᠵᠣᠷᠯᠣᠩ᠂ ᠠᠮᠢ ᠠᠬᠤᠢ ᠶᠢᠨ ᠲᠡᠷᠭᠡᠨ ᠵᠣᠭᠰᠣᠭᠠᠯ ᠵᠡᠷᠭᠡ ᠣᠯᠠᠨ ᠨᠡᠶᠢᠲᠡ ᠶᠢᠨ ᠦᠢᠯᠡᠴᠢᠯᠡᠭᠡᠨ ᠤ ᠲᠦᠬᠦᠭᠡᠷᠦᠮᠵᠢ ᠶᠢ ᠲᠡᠭᠦᠯᠳᠡᠷᠵᠢᠭᠦᠯᠵᠦ᠂ ᠬᠤᠲᠠ ᠶᠢᠨ ᠦᠢᠯᠡᠴᠢᠯᠡᠭᠡᠨ ᠤ ᠴᠢᠨᠠᠷ ᠴᠢᠨᠰᠠᠭ᠎ᠠ ᠶᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃      ᠬᠤᠶᠠᠷ ᠲᠤ᠂ ᠬᠤᠲᠠ ᠶᠢᠨ ᠬᠥᠭᠵᠢᠯᠲᠡ ᠶᠢᠨ ᠳᠤᠮᠳᠠᠬᠢ ᠳᠤᠲᠠᠭᠤᠳᠠᠯ ᠪᠠ ᠬᠦᠷᠦᠯᠴᠡᠬᠦ ᠥᠬᠡᠶ ᠲᠠᠯ᠎ᠠ ᠶᠢ ᠬᠦᠴᠦᠯᠡᠨ ᠰᠢᠶ᠋ᠳᠪᠦᠷᠢᠯᠡᠨ᠎ᠡ᠃ ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠨ ᠰᠢᠨᠡᠳᠬᠡᠬᠦ ᠶᠢ ᠯᠠᠪᠳᠠᠭᠤᠨ ᠢᠶᠠᠷ ᠠᠬᠢᠭᠤᠯᠵᠤ᠂ ᠠᠳᠠᠯ ᠠᠬᠤᠶ ᠶᠢᠨ ᠦᠢᠯᠡᠴᠢᠯᠡᠭᠡᠨ ᠤ ᠶᠠᠰᠤ ᠴᠢᠨᠠᠷ ᠪᠠ ᠪᠠᠷᠢᠮᠵᠢᠶᠠᠵᠢᠭᠤᠯᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠬᠡᠷ ᠪᠠᠶᠢᠰᠢᠩ ᠢ ᠪᠣᠯ ᠰᠠᠭᠤᠬᠤ ᠳᠤ ᠵᠣᠷᠢᠭᠤᠯᠤᠭᠰᠠᠨ ᠠᠴᠠ ᠪᠢᠰᠢ ᠰᠠᠷᠢᠭᠠᠯᠠᠬᠤ ᠳᠤ ᠵᠣᠷᠢᠭᠤᠯᠤᠭᠰᠠᠨ ᠪᠢᠰᠢ ᠭᠡᠳᠡᠭ ᠢ ᠪᠠᠷᠢᠮᠲᠠᠯᠠᠵᠤ᠂ ᠬᠡᠷ ᠪᠠᠶᠢᠰᠢᠩ ᠭᠠᠵᠠᠷ ᠰᠢᠷᠣᠶ ᠶᠢᠨ ᠬᠥᠷᠥᠩᠭᠡ ᠶᠢᠨ ᠵᠠᠬ᠎ᠠ ᠳᠡᠯᠭᠡᠭᠦᠷ ᠤᠨ ᠲᠣᠭᠲᠠᠭᠤᠨ ᠪᠥᠭᠡᠳ ᠡᠷᠡᠭᠦᠯ ᠢᠶᠠᠷ ᠬᠥᠭᠵᠢᠬᠦ ᠶᠢ ᠠᠬᠢᠭᠤᠯᠤᠨ᠎ᠠ᠃ ᠨᠢᠭᠡ ᠪᠦᠯᠦᠭ ᠪᠠᠲᠤᠯᠠᠭ᠎ᠠ ᠶᠢᠨ ᠴᠢᠨᠠᠷᠲᠠᠶ ᠲᠦᠷᠢᠶᠡᠰᠦᠨ ᠣᠷᠣᠨ ᠰᠠᠭᠤᠴᠠ ᠶᠢ ᠠᠵᠢᠯ ᠡᠬᠢᠯᠡᠭᠦᠯᠦᠨ ᠰᠢᠨ᠎ᠡ ᠪᠠᠷ ᠪᠠᠶᠢᠭᠤᠯᠵᠤ᠂ ᠣᠯᠠᠨ ᠳᠡᠰ ᠳᠠᠪᠬᠤᠷᠭ᠎ᠠ ᠪᠦᠬᠦᠢ ᠣᠷᠣᠨ ᠰᠠᠭᠤᠴᠠ ᠶᠢᠨ ᠬᠡᠷᠡᠭᠴᠡᠭᠡ ᠶᠢ ᠬᠠᠩᠭᠠᠨ᠎ᠠ᠃ ᠪᠤᠴᠠᠭᠠᠨ ᠨᠡᠭᠦᠯᠭᠡᠵᠦ ᠲᠥᠪᠬᠢᠨᠡᠭᠦᠯᠬᠦ ᠭᠡᠷ ᠪᠠᠶᠢᠰᠢᠩ ᠤᠨ ᠢᠷᠡᠯᠲᠡ ᠶᠢ ᠪᠦᠲᠦᠮᠵᠢᠲᠡᠶ ᠲᠡᠭᠦᠯᠳᠡᠷᠵᠢᠭᠦᠯᠵᠦ᠂ ᠭᠡᠷ ᠪᠠᠶᠢᠰᠢᠩ ᠭᠠᠵᠠᠷ ᠬᠥᠷᠥᠩᠭᠡ ᠶᠢᠨ ᠬᠦᠷᠢᠶᠡᠨ ᠳᠠᠬᠢ ᠡᠯ᠎ᠡ ᠲᠥᠷᠥᠯ ᠤᠨ ᠦᠯᠡᠳᠡᠭᠳᠡᠯ ᠠᠰᠠᠭᠤᠳᠠᠯ ᠢ ᠲᠦᠢᠯᠪᠤᠷᠢᠲᠠᠶ  ᠰᠢᠢᠳᠪᠦᠷᠢᠯᠡᠬᠦ ᠬᠡᠷᠡᠭᠲᠡᠶ᠃      ᠭᠤᠷᠪᠠ ᠳᠤ᠂ ᠤᠶᠤᠨᠲᠤ ᠬᠤᠲᠠ ᠶᠢᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠢ ᠠᠬᠢᠭᠤᠯᠤᠨ᠎ᠠ᠃ ᠨᠢᠭᠡᠳᠦᠮᠡᠯ ᠬᠤᠯᠪᠣᠭ᠎ᠠ᠂ ᠬᠤᠸᠠ ᠸᠧᠶ᠂ ᠲᠧᠩ ᠰᠢᠶᠦ᠋ᠨ ᠲᠠᠢ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠤᠶᠤᠨᠲᠤ ᠬᠤᠲᠠ ᠶᠢᠨ ᠬᠠᠮᠢᠶᠠᠷᠤᠯᠲᠠ᠂ ᠤᠶᠤᠨᠲᠤ ᠴᠡᠴᠡᠷᠯᠢᠭ᠂ ᠤᠶᠤᠨᠲᠤ ᠣᠷᠴᠢᠨ ᠲᠣᠭᠤᠷᠢᠨ ᠤ ᠠᠷᠢᠭᠤᠨ ᠴᠡᠪᠡᠷ ᠵᠡᠷᠭᠡ ᠮᠡᠳᠡᠭᠡ ᠵᠠᠩᠭᠢᠵᠢᠯᠲᠠ ᠶᠢᠨ ᠬᠠᠮᠢᠶᠠᠷᠤᠯᠲᠠ ᠶᠢᠨ ᠲᠠᠪᠴᠠᠩ ᠢ ᠪᠠᠶᠢᠭᠤᠯᠵᠤ᠂ ᠣᠶᠤᠨᠴᠢᠯᠠᠭᠰᠠᠨ᠂ ᠨᠠᠷᠢᠯᠢᠬᠵᠢᠭᠤᠯᠤᠭᠰᠠᠨ ᠬᠤᠲᠠ ᠶᠢᠨ ᠬᠠᠮᠢᠶᠠᠷᠤᠯᠲᠠ ᠶᠢᠨ ᠰᠢᠨ᠎ᠡ ᠪᠠᠶᠢᠷᠢᠰᠢᠯ ᠢ ᠪᠠᠶᠢᠭᠤᠯᠤᠨ᠎ᠠ᠃
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号