ᠡᠵᠡᠨ ᠬᠤᠷᠤᠭ᠎ᠠ ᠬᠤᠰᠢᠭᠤ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠴᠥᠭᠡᠨ ᠲᠣᠭᠠᠲᠤ ᠦᠨᠳᠦᠰᠦᠲᠡᠨ ᠤ ᠣᠨᠴᠠ ᠵᠥᠪᠰᠢᠶᠡᠷᠡᠭᠰᠡᠨ ᠲᠠᠸᠠᠷ ᠦᠢᠯᠡᠳᠪᠦᠷᠢᠯᠡᠬᠦ ᠠᠵᠤ ᠠᠬᠤᠶᠢᠯᠠᠯ ᠢ ᠲᠡᠳᠬᠦᠨ ᠬᠦᠭᠵᠢᠬᠦᠯᠵᠦ ᠪᠤᠢ
ᠨᠡᠶᠢᠲᠡᠯᠡᠭᠰᠡᠨ ᠴᠠᠭ᠄
2021/12/23
     ᠨᠢᠭᠡ ᠂ ᠠᠵᠢᠯ ᠤᠨ ᠲᠣᠭᠲᠠᠴᠠ ᠶᠢ ᠪᠠᠶᠢᠭᠤᠯᠤᠨ᠎ᠠ᠃ ᠣᠯᠠᠨ ᠰᠠᠯᠠᠭ᠎ᠠ ᠮᠥᠴᠢᠷ ᠤᠳ ᠬᠠᠮᠲᠤᠷᠠᠨ ᠬᠥᠳᠡᠯᠦᠯᠴᠡᠵᠦ ᠪᠠᠶᠢᠭᠠᠳ ᠲᠣᠭᠲᠠᠮᠠᠯ ᠬᠤᠭᠤᠴᠠᠭ᠎ᠠ ᠲᠠᠢ ᠪᠠᠷ ᠬᠠᠮᠲᠤᠷᠠᠭᠰᠠᠨ ᠬᠤᠷᠠᠯ ᠬᠤᠷᠠᠯᠳᠤᠭᠤᠯᠵᠤ᠂ ᠠᠵᠤ ᠠᠬᠤᠶᠢᠯᠠᠯ ᠤᠨ ᠠᠵᠢᠯᠯᠠᠭᠠᠨ ᠤ ᠪᠠᠶᠢᠳᠠᠯ ᠢ ᠴᠠᠭ ᠲᠤᠬᠠᠶ ᠳᠤᠨᠢ ᠰᠤᠳᠤᠯᠤᠨ ᠵᠠᠳᠠᠯᠵᠤ᠂ ᠠᠵᠤ ᠠᠬᠤᠶᠢᠯᠠᠯ ᠤᠨ ᠬᠥᠭᠵᠢᠯᠲᠡ ᠶᠢᠨ ᠬᠥᠳᠡᠯᠦᠯ ᠪᠠᠶᠢᠳᠠᠯ ᠪᠠ ᠬᠡᠷᠡᠭᠴᠡᠭᠡ ᠱᠠᠭᠠᠷᠳᠠᠯᠭ᠎ᠠ ᠶᠢ ᠡᠵᠡᠮᠰᠢᠨ᠂ ᠠᠵᠤ ᠠᠬᠤᠶᠢᠯᠠᠯ ᠤᠨ ᠬᠦᠴᠢᠷ ᠵᠣᠪᠠᠯᠠᠩ ᠢ ᠢᠳᠡᠪᠬᠢᠲᠡᠶ ᠪᠠᠷ  ᠰᠢᠢᠳᠪᠦᠷᠢᠯᠡᠵᠦ ᠥᠭᠬᠦ ᠬᠡᠷᠡᠭᠲᠡᠶ᠃      ᠬᠤᠶᠠᠷ ᠂ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠎ᠠ᠃ ᠠᠵᠤ ᠠᠬᠤᠶᠢᠯᠠᠯ ᠳᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠪᠣᠳᠠᠲᠠᠶᠢᠵᠢᠭᠤᠯᠤᠨ ᠨᠠᠶᠢᠳᠠᠪᠤᠷᠢᠵᠢᠭᠤᠯᠬᠤ ᠶᠢ ᠪᠣᠳᠠᠲᠠᠶ ᠪᠥᠭᠡᠳ ᠨᠠᠷᠢᠯᠢᠭ ᠬᠢᠵᠦ᠂ ᠡᠯ᠎ᠡ ᠱᠠᠲᠤᠨ ᠤ ᠠᠵᠤ ᠠᠬᠤᠶᠢᠯᠠᠯ ᠳᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠴᠠᠭ ᠲᠤᠬᠠᠶ ᠳᠤᠨᠢ ᠡᠮᠬᠢᠯᠡᠨ ᠳᠢᠭᠯᠡᠬᠦ ᠶᠢᠨ ᠬᠠᠮᠲᠤ᠂ ᠲᠥᠷᠥ ᠶᠢᠨ ᠪᠣᠳᠣᠯᠭ᠎ᠠ ᠨᠢᠭᠡᠪᠦᠷᠢ ᠶᠢ ᠬᠦᠢᠴᠡᠳᠭᠡᠬᠦ ᠰᠠᠯᠠᠭ᠎ᠠ ᠮᠥᠴᠢᠷ ᠵᠢᠴᠢ ᠬᠠᠷᠢᠭᠤᠴᠠᠯᠭᠠᠲᠠᠨ ᠢ ᠲᠠᠩᠰᠠᠨ ᠳᠤ ᠣᠷᠣᠭᠤᠯᠤᠨ ᠡᠮᠬᠢᠳᠬᠡᠵᠦ᠂ ᠠᠵᠤ ᠠᠬᠤᠶᠢᠯᠠᠯ ᠳᠤ ᠲᠠᠷᠬᠠᠭᠠᠨ ᠥᠭᠴᠦ᠂ ᠦᠢᠯᠡᠳᠪᠦᠷᠢᠯᠡᠯ ᠤᠨ ᠠᠵᠤ ᠠᠬᠤᠶᠢᠯᠠᠯ ᠳᠤ ᠡᠯ᠎ᠡ ᠵᠦᠢᠯ ᠤᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠴᠠᠭ ᠲᠤᠬᠠᠶ ᠳᠤᠨᠢ ᠬᠦᠷᠲᠡᠭᠡᠨ᠎ᠡ᠃      ᠭᠤᠷᠪᠠ ᠂ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠶᠢ ᠰᠠᠶᠢᠲᠤᠷ ᠬᠢᠨ᠎ᠠ᠃ ᠡᠯ᠎ᠡ ᠲᠥᠷᠥᠯ ᠤᠨ ᠠᠵᠤ ᠠᠬᠤᠶᠢᠯᠠᠯ ᠳᠤ ᠣᠷᠣᠭᠤᠯᠬᠤ ᠠᠵᠢᠯᠯᠠᠭ᠎ᠠ᠂ ︽ᠢᠨᠲ᠋ᠧᠷ ᠰᠦᠯᠵᠢᠶ᠎ᠡ + ᠦᠨᠳᠦᠰᠦᠲᠡᠨ ᠤ ᠪᠦᠯᠬᠦᠮᠳᠡᠯ︾ ᠵᠡᠷᠭᠡ ᠣᠯᠠᠨ ᠵᠦᠢᠯ  ᠤᠨ ᠰᠤᠷᠤᠯᠴᠠᠨ ᠤᠬᠠᠭᠤᠯᠬᠤ ᠵᠠᠭᠪᠤᠷ ᠢ ᠡᠷᠭᠢᠯᠡᠬᠦ ᠪᠠᠷ ᠳᠠᠮᠵᠢᠭᠤᠯᠤᠨ᠂ ᠦᠨᠳᠦᠰᠦᠲᠡᠨ ᠤ ᠣᠨᠣᠯ ᠲᠥᠷᠥ ᠶᠢᠨ ᠪᠣᠳᠣᠯᠭ᠎ᠠ ᠵᠢᠴᠢ ᠠᠵᠤ ᠠᠬᠤᠶᠢᠯᠠᠯ ᠳᠤ ᠠᠰᠢᠭ ᠬᠦᠷᠲᠡᠭᠡᠬᠦ ᠠᠭᠤᠯᠭ᠎ᠠ ᠶᠢ ︽ᠬᠡᠷ ᠲᠤᠨᠢ ᠬᠦᠷᠭᠡᠵᠦ︾᠂ ᠦᠢᠯᠡᠳᠪᠦᠷᠢᠯᠡᠬᠦ ᠠᠵᠤ ᠠᠬᠤᠶᠢᠯᠠᠯ ᠳᠤ ᠲᠥᠷᠥ ᠶᠢᠨ ᠪᠣᠳᠣᠯᠭ᠎ᠠ ᠶᠢ ᠨᠠᠩ ᠰᠠᠶᠢᠨ ᠣᠶᠢᠯᠠᠭᠠᠭᠤᠯᠤᠨ᠎ᠠ᠃      ᠳᠥᠷᠪᠡ ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠭᠤᠶᠤᠴᠢᠯᠠᠨ ᠮᠡᠳᠡᠭᠦᠯᠬᠦ ᠶᠢ ᠴᠢᠩᠭᠠᠳᠬᠠᠨ᠎ᠠ᠃ ᠴᠥᠭᠡᠨ ᠲᠣᠭᠠᠲᠤ ᠦᠨᠳᠦᠰᠦᠲᠡᠨ ᠤ ᠣᠨᠴᠠ ᠵᠥᠪᠰᠢᠶᠡᠷᠡᠭᠰᠡᠨ ᠲᠠᠸᠠᠷ ᠦᠢᠯᠡᠳᠪᠦᠷᠢᠯᠡᠬᠦ ᠠᠵᠤ ᠠᠬᠤᠶᠢᠯᠠᠯ ᠳᠤ ᠬᠥᠳᠡᠯᠦᠩᠭᠦᠶ ᠬᠠᠮᠢᠶᠠᠷᠤᠯᠲᠠ ᠶᠢ ᠬᠡᠷᠡᠭᠵᠢᠭᠦᠯᠵᠦ᠂ ᠭᠤᠶᠤᠴᠢᠯᠠᠨ ᠮᠡᠳᠡᠭᠦᠯᠬᠦ ᠪᠣᠭᠤᠮᠲᠠ ᠶᠢ ᠴᠢᠩᠭ᠎ᠠ ᠰᠠᠬᠢᠵᠤ᠂ ᠠᠵᠤ ᠠᠬᠤᠶᠢᠯᠠᠯ ᠤᠨ ᠨᠡᠷᠡᠰ ᠤᠨ ᠵᠢᠭᠰᠠᠭᠠᠯᠲᠠ ᠶᠢ ᠪᠦᠬᠦ ᠲᠠᠯ᠎ᠠ ᠪᠠᠷ ᠢᠯᠭᠠᠷᠠᠭᠤᠯᠤᠨ ᠲᠣᠬᠢᠷᠠᠭᠤᠯᠤᠨ᠎ᠠ᠃ ᠣᠳᠣᠬᠠᠨ ᠳᠤ᠂ ᠨᠢᠭᠡᠨᠲᠡ 2 ᠠᠵᠤ ᠠᠬᠤᠶᠢᠯᠠᠯ ᠢ ᠬᠠᠪᠰᠤᠷᠤᠨ 1 ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠠᠷᠠᠯᠵᠢᠶᠠᠨ ᠤ ᠠᠵᠤ ᠠᠬᠤᠶᠢᠯᠠᠯ ᠢᠶᠠᠷ ᠠᠮᠵᠢᠯᠲᠠ ᠲᠠᠢ ᠮᠡᠳᠡᠭᠦᠯᠪᠡ᠃
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号