ᠡᠵᠡᠨ ᠬᠤᠷᠤᠭ᠎ᠠ ᠬᠤᠰᠢᠭᠤᠨ ᠤ ︽ᠳᠥᠷᠪᠡᠨ ᠵᠦᠢᠯ ᠳᠤ ᠠᠩᠬᠠᠷᠤᠯ ᠢᠶᠠᠨ ᠲᠥᠪᠯᠡᠷᠡᠭᠦᠯᠬᠦ︾᠎ ᠨᠢ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ︽ᠠᠵᠤ ᠠᠬᠤᠶ ᠶᠢᠨ ᠪᠡᠶ᠎ᠡ ᠶᠢᠨ ᠪᠠᠶᠢᠴᠠᠭᠠᠯᠲᠠ︾᠎ ᠶᠢ ᠪᠡᠶᠡᠯᠡᠭᠦᠯᠬᠦ ᠳᠤ ᠬᠦᠴᠦᠨ ᠨᠡᠮᠡᠷᠢᠯᠡᠵᠦ ᠪᠤᠢ
ᠨᠡᠶᠢᠲᠡᠯᠡᠭᠰᠡᠨ ᠴᠠᠭ᠄
2021/12/23
     ᠨᠢᠭᠡ ᠳᠤ᠂ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠪᠠᠶᠢᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠰᠢᠨᠵᠢᠯᠡᠬᠦ ᠤᠬᠠᠭᠠᠨᠴᠢ ᠳᠣᠲᠣᠭᠠᠳᠤ ᠶᠢᠨ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠵᠤ᠂ ᠡᠳ᠋ ᠬᠥᠷᠥᠩᠭᠡ ᠶᠢ ᠢᠯᠭᠠᠷᠠᠭᠤᠯᠤᠨ ᠪᠠᠶᠢᠴᠠᠭᠠᠬᠤ ᠪᠠ ᠳᠣᠲᠣᠭᠠᠳᠤ ᠶᠢᠨ ᠬᠢᠨᠠᠨ ᠪᠤᠳᠤᠬᠤ ᠠᠵᠢᠯ ᠢ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠵᠦ᠂ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠥᠷᠲᠡᠭ ᠢ ᠪᠠᠲᠤᠯᠠᠵᠤ ᠥᠷᠲᠡᠭ ᠢ ᠨᠡᠮᠡᠭᠳᠡᠭᠦᠯᠬᠦ ᠶᠢ ᠦᠨᠡᠨ ᠬᠦ ᠪᠠᠲᠤᠯᠠᠬᠤ ᠬᠢᠨᠠᠨ ᠪᠤᠳᠤᠯᠲᠠ ᠶᠢᠨ ᠰᠠᠨᠠᠭᠤᠯᠭ᠎ᠠ ᠶᠢ ᠳᠤᠷᠠᠳᠪᠠ᠃      ᠬᠤᠶᠠᠷ ᠲᠤ᠂ ᠤᠯᠤᠰ ᠤᠨ ᠥᠮᠴᠢᠯᠡᠯ ᠤᠨ ᠪᠡᠯᠡ ᠮᠥᠩᠭᠦ ᠶᠢ ᠬᠡᠷᠡᠭᠯᠡᠭᠰᠡᠨ ᠠᠮᠵᠢᠯᠲᠠ ᠪᠦᠲᠦᠮᠵᠢ ᠳᠤ ᠠᠩᠬᠠᠷᠤᠯ ᠢᠶᠠᠨ ᠲᠥᠪᠯᠡᠷᠡᠭᠦᠯᠵᠦ᠂ ᠪᠡᠯᠡ ᠮᠥᠩᠭᠦ ᠶᠢ ᠲᠤᠬᠢᠷᠠᠭᠤᠯᠤᠨ ᠬᠡᠷᠡᠭᠯᠡᠬᠦ ᠡᠷᠬᠡ ᠶᠢᠨ ᠬᠢᠵᠠᠭᠠᠷ ᠪᠣᠯᠤᠨ ᠲᠡᠰ ᠳᠠᠷᠠᠭᠠᠯᠠᠯ ᠢ ᠲᠣᠳᠣᠷᠬᠠᠶᠢᠯᠠᠵᠤ᠂ ᠪᠣᠯᠭᠤᠮᠵᠢᠲᠠᠢ ᠪᠠᠶᠢᠬᠤ ᠵᠠᠷᠴᠢᠮ ᠢ ᠪᠠᠷᠢᠮᠲᠠᠯᠠᠵᠤ᠂ ᠠᠰᠢᠭ ᠲᠤᠰᠠ ᠪᠣᠯᠤᠨ ᠠᠶᠤᠯ ᠲᠦᠭᠰᠢᠭᠦᠷᠢ ᠶᠢ ᠨᠢᠭᠡᠳᠦᠯᠲᠡᠢ ᠲᠥᠯᠥᠪᠵᠢᠭᠦᠯᠦᠨ ᠨᠡᠶᠢᠳᠡ ᠳᠤᠨᠢ ᠬᠠᠷᠠᠭᠠᠯᠵᠠᠬᠤ ᠬᠢᠨᠠᠨ ᠪᠤᠳᠤᠬᠤ ᠰᠠᠨᠠᠭᠤᠯᠭ᠎ᠠ ᠲᠤᠷᠠᠳᠪᠠ᠃      ᠭᠤᠷᠪᠠ ᠳᠤ᠂ ᠣᠯᠵᠠᠪᠤᠷᠢ ᠠᠯᠳᠠᠪᠤᠷᠢ ᠵᠢᠴᠢ ᠲᠦᠭᠰᠢᠭᠦᠷᠢ ᠶᠢᠨ ᠬᠠᠮᠢᠶᠠᠷᠤᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠡᠳ᠋ ᠤᠨ ᠶᠠᠪᠤᠳᠠᠯ ᠤᠨ ᠬᠠᠮᠢᠶᠠᠷᠤᠯᠲᠠ ᠪᠣᠯᠤᠨ ᠲᠦᠭᠰᠢᠭᠦᠷᠢ ᠶᠢᠨ ᠡᠵᠡᠮᠳᠡᠯ ᠢ ᠴᠢᠩᠭᠠᠳᠬᠠᠵᠤ᠂ ᠡᠳ᠋ ᠤᠨ ᠶᠠᠪᠤᠳᠠᠯ ᠤᠨ ᠠᠵᠢᠯᠯᠠᠭ᠎ᠠ ᠶᠢ ᠵᠢᠷᠤᠮᠵᠢᠭᠤᠯᠵᠤ᠂ ᠠᠵᠤ ᠠᠬᠤᠶᠢᠯᠠᠯ ᠤᠨ ᠡᠵᠡᠩᠨᠡᠯᠲᠡ ᠶᠢᠨ ᠥᠪᠡᠷ ᠤᠨ ᠦᠷᠳᠡᠭ ᠢ ᠪᠦᠲᠦᠮᠵᠢᠲᠡᠢ ᠪᠠᠭᠤᠷᠠᠭᠤᠯᠵᠤ᠂ ᠠᠵᠤ ᠠᠬᠤᠢ ᠶᠢᠨ ᠦᠷ᠎ᠡ ᠠᠰᠢᠭ ᠢ ᠳᠡᠭᠡᠭᠰᠢᠯᠡᠭᠦᠯᠬᠦ ᠬᠢᠨᠠᠨ ᠪᠤᠳᠤᠯᠳᠠ ᠶᠢᠨ ᠰᠠᠨᠠᠭᠤᠯᠭ᠎ᠠ ᠲᠤᠷᠠᠳᠪᠠ᠃      ᠲᠦᠷᠪᠡ ᠳᠤ ᠳᠣᠲᠣᠭᠠᠳᠤ ᠡᠵᠡᠮᠳᠡᠯ ᠤᠨ ᠲᠦᠷᠢᠮ᠂ ︽ᠭᠤᠷᠪᠠᠨ ᠴᠢᠬᠤᠯᠠ ᠨᠢᠭᠡ ᠶᠡᠭᠡ︾᠎ ᠶᠢᠨ ᠲᠦᠷᠢᠮ ᠢ ᠪᠠᠶᠢᠭᠤᠯᠤᠭᠰᠠᠨ ᠪᠠ ᠬᠡᠷᠡᠭᠵᠢᠭᠦᠯᠦᠭᠰᠡᠨ ᠪᠠᠶᠢᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠰᠢᠨᠵᠢᠯᠡᠬᠦ ᠤᠬᠠᠭᠠᠨᠴᠢ ᠪᠥᠭᠡᠳ ᠪᠦᠲᠦᠮᠵᠢᠲᠡᠢ ᠬᠠᠮᠢᠶᠠᠷᠤᠯᠲᠠ ᠶᠢᠨ ᠲᠦᠷᠢᠮ ᠢ ᠪᠠᠶᠢᠭᠤᠯᠬᠤ ᠶᠢᠨ ᠬᠠᠮᠲᠤ ᠵᠢᠷᠤᠮᠯᠠᠨ ᠬᠡᠷᠡᠭᠵᠢᠭᠦᠯᠵᠦ᠂ ᠬᠥᠮᠦᠨ ᠰᠣᠩᠭᠤᠵᠤ ᠬᠥᠮᠦᠨ ᠬᠡᠷᠡᠭᠯᠡᠬᠦ ᠵᠢᠷᠤᠮ ᠢ ᠵᠢᠷᠤᠮᠵᠢᠭᠤᠯᠤᠨ᠂ ᠰᠢᠨᠵᠢᠯᠡᠬᠦ ᠤᠬᠠᠭᠠᠨᠴᠢ᠂ ᠠᠷᠠᠳᠴᠢᠯᠠᠯ ᠲᠠᠢ ᠪᠠ ᠬᠠᠤᠯᠢ ᠶᠣᠰᠣᠭᠠᠷ ᠰᠢᠢᠳᠪᠦᠷᠢᠲᠦ ᠪᠤᠳᠤᠯᠭ᠎ᠠ ᠲᠣᠭᠲᠠᠭᠠᠬᠤ ᠶᠢ ᠲᠦᠯᠬᠢᠨ ᠠᠬᠢᠭᠤᠯᠬᠤ ᠬᠢᠨᠠᠨ ᠪᠤᠳᠤᠯᠳᠠ ᠶᠢᠨ ᠰᠠᠨᠠᠭᠤᠯᠭ᠎ᠠ ᠶᠢ ᠳᠤᠷᠠᠳᠤᠨ ᠭᠠᠷᠭᠠᠪᠠ᠃  
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号