ᠡᠵᠡᠨ ᠬᠤᠷᠤᠭ᠎ᠠ ᠬᠤᠰᠢᠭᠤ ᠢᠳᠡᠭᠡᠨ ᠤ ︽ᠬᠠᠮᠤᠭ ᠠᠩᠬᠠᠨ ᠤ ᠨᠢᠭᠡ ᠺᠢᠯᠣᠮᠧᠲᠷ︾᠎ ᠠᠴᠠ ︽ᠬᠠᠮᠤᠭ ᠡᠴᠦᠰ ᠤᠨ ᠨᠢᠭᠡ ᠺᠢᠯᠣᠮᠧᠲᠷ︾ ᠬᠦᠷᠲᠡᠯᠡᠬᠢ ᠪᠥᠬᠦ ᠶᠠᠪᠤᠴᠠ ᠶᠢᠨ ᠬᠢᠨᠠᠯᠲᠠ ᠬᠠᠮᠢᠶᠠᠷᠤᠯᠲᠠ ᠶᠢ ᠪᠡᠶᠡᠯᠡᠬᠦᠯᠵᠦ ᠴᠢᠳᠠᠪᠠ
ᠨᠡᠶᠢᠲᠡᠯᠡᠭᠰᠡᠨ ᠴᠠᠭ᠄
2021/12/23
     ᠡᠵᠡᠨ ᠬᠤᠷᠤᠭ᠎ᠠ ᠬᠤᠰᠢᠭᠤ ᠢᠳᠡᠭᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠠᠵᠢᠯ ᠢᠶᠠᠨ ᠤᠯᠠᠮ ᠨᠢᠭᠡ ᠠᠯᠬᠤᠮ ᠴᠢᠩᠭᠠᠳᠬᠠᠵᠤ᠂ ᠬᠤᠲᠠ ᠶᠢᠨ ᠠᠷᠠᠳ ᠤᠨ ᠢᠳᠡᠭᠡᠨ ᠤᠮᠳᠠᠭᠠᠨ ᠤ ᠠᠮᠤᠷ ᠲᠦᠪᠰᠢᠨ ᠪᠠ ᠪᠡᠶ᠎ᠡ ᠮᠠᠬᠠᠪᠣᠳ ᠤᠨ ᠡᠷᠡᠭᠦᠯ ᠮᠡᠨᠳᠦ ᠶᠢ ᠪᠠᠲᠤᠯᠠᠵᠤ᠂ 2020 ᠣᠨ ᠤ 7 ᠰᠠᠷ᠎ᠠ ᠳᠤ ᠢᠳᠡᠭᠡᠨ ᠤ ᠠᠮᠤᠷ ᠲᠦᠪᠰᠢᠨ ᠤ ᠮᠥᠷᠳᠡᠨ ᠤᠬᠤᠴᠢᠯᠠᠬᠤ ᠰᠢᠰᠲ᠋ᠧᠮ ᠢ ᠪᠠᠶᠢᠭᠤᠯᠵᠤ᠂ ᠢᠳᠡᠭᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠳᠤᠮᠳᠠᠬᠢ ︽ᠪᠠᠭᠤᠷᠠᠶ ᠲᠠᠯ᠎ᠠ︾᠎ ᠳᠤ ᠴᠢᠭᠯᠡᠭᠦᠯᠦᠨ᠂ ᠳᠠᠷᠢᠵᠤ ᠲᠡᠵᠢᠭᠡᠬᠦ᠂ ᠬᠥᠮᠥᠷᠭᠡᠯᠡᠨ ᠬᠠᠳᠠᠭᠠᠯᠠᠵᠤ ᠲᠡᠭᠡᠭᠡᠪᠦᠷᠢᠯᠡᠬᠦ᠂ ᠢᠳᠡᠭᠡᠨ ᠡᠳ᠋ᠰᠢᠭᠦᠯᠬᠦ᠂ ᠬᠤᠪᠢᠶᠠᠨ ᠪᠣᠷᠣᠯᠠᠭᠤᠯᠵᠤ ᠵᠢᠵᠢᠭᠯᠡᠨ ᠬᠤᠳᠠᠯᠳᠤᠬᠤ ᠵᠡᠷᠭᠡ ᠪᠥᠬᠦ ᠠᠵᠤ ᠦᠢᠯᠡᠰ ᠤᠨ ᠬᠡᠯᠬᠢᠶ᠎ᠡ ᠳᠤ ᠠᠩᠬᠠᠷᠤᠯ ᠢᠶᠠᠨ ᠲᠥᠪᠯᠡᠷᠡᠭᠦᠯᠵᠦ᠂ ᠢᠳᠡᠭᠡᠨ ᠤ ᠢᠷᠡᠯᠲᠡ ᠶᠢ ᠮᠥᠷᠳᠡᠨ ᠤᠬᠤᠴᠢᠯᠠᠵᠤ ᠪᠣᠯᠬᠤ᠂ ᠬᠠᠨᠳᠤᠰᠢ ᠶᠢ ᠨᠢ ᠪᠠᠶᠢᠴᠠᠭᠠᠨ ᠳᠣᠲᠣᠯᠠᠵᠤ ᠪᠣᠯᠬᠤ᠂ ᠲᠦᠭᠰᠢᠭᠦᠷᠢ ᠶᠢ ᠨᠢ ᠬᠠᠮᠢᠶᠠᠷᠤᠨ ᠡᠵᠡᠮᠳᠡᠵᠦ ᠪᠣᠯᠬᠤ᠂ ᠬᠠᠷᠢᠭᠤᠴᠠᠯᠭ᠎ᠠ ᠶᠢ ᠨᠢ ᠨᠡᠬᠡᠮᠵᠢᠯᠡᠨ ᠰᠡᠷᠭᠡᠶᠢᠯᠡᠵᠦ ᠪᠣᠯᠬᠤ ᠰᠢᠰᠲ᠋ᠧᠮ ᠢ ᠪᠠᠶᠢᠭᠤᠯᠵᠤ᠂ ᠦᠢᠯᠡᠳᠪᠦᠷᠢᠯᠡᠯ ᠤᠨ ︽ᠠᠩᠬᠠᠨ ᠤ ᠨᠢᠭᠡ ᠺᠢᠯᠣᠮᠧᠲᠷ︾᠎ ᠠᠴᠠ ᠬᠡᠷᠡᠭᠯᠡᠭᠡ ᠶᠢᠨ ︽ᠡᠴᠦᠰ ᠤᠨ ᠨᠢᠭᠡ ᠺᠢᠯᠣᠮᠧᠲᠷ︾ ᠬᠦᠷᠲᠡᠯᠡᠬᠢ ᠪᠥᠬᠦ ᠶᠠᠪᠤᠴᠠ ᠶᠢᠨ ᠬᠢᠨᠠᠯᠲᠠ ᠬᠠᠮᠢᠶᠠᠷᠤᠯᠲᠠ ᠶᠢ ᠪᠡᠶᠡᠯᠡᠭᠦᠯᠪᠡ᠃ ᠡᠭᠦᠨ ᠤ ᠬᠠᠮᠲᠤ᠂ ᠲᠠᠪᠴᠠᠩ ᠤᠨ ᠮᠥᠷᠳᠡᠵᠦ ᠪᠣᠯᠬᠤᠶᠢᠴᠠ ᠴᠢᠨᠠᠷ ᠢ ᠪᠠᠲᠤᠯᠠᠬᠤ ᠶᠢᠨ ᠲᠥᠯᠥᠭᠡ᠂ ᠮᠡᠳᠡᠭᠡ ᠵᠠᠩᠭᠢ ᠶᠢ ᠪᠢᠴᠢᠵᠦ ᠣᠷᠣᠭᠤᠯᠤᠮᠠᠭᠴᠠ ᠳᠤᠷ᠎ᠠ ᠪᠠᠷ ᠢᠶᠠᠨ ᠵᠠᠰᠠᠪᠤᠷᠢ ᠣᠷᠣᠭᠤᠯᠵᠤ ᠪᠣᠯᠬᠤ ᠥᠬᠡᠶ᠂ ᠦᠢᠯᠡᠳᠬᠦᠨ ᠤ ᠢᠷᠡᠯᠲᠡ ᠶᠢᠨ ᠪᠠᠴᠢᠮ ᠪᠠᠶᠢᠳᠠᠯ ᠢ ᠠᠷᠭᠠᠴᠠᠵᠤ ᠡᠭᠡᠭᠦᠯᠦᠨ ᠠᠪᠴᠢᠷᠠᠬᠤ ᠪᠠ ᠪᠠᠴᠢᠮ ᠲᠣᠬᠢᠷᠠᠭᠤᠯᠤᠯᠲᠠ ᠬᠢᠬᠦ ᠶᠢ ᠦᠨᠡᠨ ᠬᠦ ᠪᠠᠳᠤᠯᠠᠵᠤ ᠴᠢᠳᠠᠪᠠ᠃ ᠣᠳᠣᠬᠠᠨ ᠳᠤ᠂ ᠰᠠᠭᠤᠷᠢ ᠮᠡᠳᠡᠭᠡ ᠵᠠᠩᠭᠢ ᠶᠢ ᠨᠢᠭᠡᠨᠲᠡ ᠣᠷᠣᠭᠤᠯᠤᠭᠰᠠᠨ ᠬᠤᠳᠠᠯᠳᠤᠭᠠᠴᠢᠨ 80 %᠎ ᠶᠢ ᠳᠠᠪᠠᠵᠤ ᠪᠠᠶᠢᠨ᠎ᠠ᠃
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号