| | 11 ᠰᠠᠷ᠎ᠠ ᠶᠢᠨ 24 ᠤ ᠡᠳᠦᠷ᠂ ᠡᠵᠡᠨ ᠬᠤᠷᠤᠭ᠎ᠠ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ | ᠵᠠᠰᠠᠭ ᠤᠨ ᠶᠠᠪᠤᠳᠠᠯ ᠤᠨ ᠮᠤᠩᠭᠤᠯ ᠬᠡᠯᠡᠨ ᠤ ᠰᠦᠯᠵᠢᠶ᠎ᠡ ᠶᠢᠨ ᠠᠵᠢᠯᠳᠠᠳ ᠡᠵᠡᠨ ᠬᠤᠷᠤᠭ᠎ᠠ ᠪᠠᠯᠭᠠᠰᠤ ᠪᠠᠷ | ᠬᠦᠨᠵᠡᠬᠡᠶᠢᠷᠡᠨ ᠰᠦᠯᠵᠢᠶ᠎ᠡ ᠪᠤᠯᠤᠨ ᠸᠢᠴᠠᠲ ᠤᠨ ᠤᠯᠠᠨ ᠨᠡᠶᠢᠳᠡ ᠶᠢᠨ ᠲᠠᠪᠴᠠᠩ ᠢᠶᠠᠨ ᠤᠬᠠᠭᠤᠯᠤᠨ᠂ ᠦᠨᠳᠦᠰᠦᠨ | ᠱᠠᠳᠤᠨ ᠤ ᠤᠯᠠᠨ ᠲᠦᠮᠡᠨ ᠠᠴᠠ ᠰᠠᠨᠠᠯ ᠬᠤᠷᠢᠶᠠᠭᠰᠠᠨ ᠪᠠᠶᠢᠨ᠎ᠠ᠃ | ᠡᠵᠡᠨ ᠬᠤᠷᠤᠭ᠎ᠠ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠵᠠᠰᠠᠭ ᠤᠨ ᠶᠠᠪᠤᠳᠠᠯ ᠤᠨ ᠮᠤᠩᠭᠤᠯ | ᠬᠡᠯᠡᠨ ᠤ ᠰᠦᠯᠵᠢᠶ᠎ᠡ ᠨᠢ ᠦᠨᠳᠦᠰᠦᠨ ᠱᠠᠳᠤᠨ ᠤ ᠮᠠᠯᠴᠢᠨ ᠲᠦᠮᠡᠨ ᠳᠤ ᠨᠠᠮ ᠤᠨ ᠲᠦᠷᠦ ᠶᠢᠨ ᠪᠤᠳᠤᠯᠭ᠎ᠠ᠂ | ᠱᠤᠭᠤᠮ ᠴᠢᠭᠯᠡᠯᠳᠡ ᠶᠢ ᠴᠠᠭ ᠲᠠᠷᠤᠢ ᠳᠤ ᠨᠢ ᠤᠷᠴᠢᠭᠤᠯᠤᠨ ᠬᠦᠷᠬᠡᠵᠦ᠂ ᠦᠢᠯᠡᠳᠪᠦᠷᠢᠯᠡᠯ ᠠᠮᠢᠳᠤᠷᠠᠯ ᠳᠤ ᠨᠢ | ᠲᠤᠰᠠ ᠲᠡᠮ ᠦᠵᠡᠬᠦᠯᠦᠨ᠂ ᠦᠨᠳᠦᠰᠦᠳᠡᠨ ᠤ ᠰᠢᠯᠢᠳᠡᠭ ᠦᠪ ᠰᠤᠶᠤᠯ ᠢ ᠤᠯᠠᠮᠵᠢᠯᠠᠨ ᠪᠠᠳᠠᠷᠠᠭᠤᠯᠬᠤ ᠳᠤ ᠬᠤᠪᠢ | ᠨᠡᠮᠡᠷᠢ ᠦᠵᠡᠬᠦᠯᠬᠦ ᠪᠠᠷ ᠵᠤᠷᠢᠯᠭ᠎ᠠ ᠪᠤᠯᠭᠠᠭᠰᠠᠨ ᠶᠡᠷᠦᠩᠬᠡᠶᠢᠯᠡᠭᠰᠡᠨ ᠴᠢᠨᠠᠷᠳᠠᠢ ᠵᠠᠰᠠᠭ ᠤᠨ ᠶᠠᠪᠤᠳᠠᠯ ᠤᠨ | ᠦᠢᠯᠡᠴᠢᠯᠡᠬᠡᠨ ᠤ ᠰᠦᠯᠵᠢᠶ᠎ᠡ ᠪᠠᠶᠢᠵᠤ᠂ ᠰᠦᠯᠵᠢᠶᠡᠨ ᠤ ᠠᠵᠢᠯᠳᠠᠳ ᠵᠢᠯ ᠪᠤᠯᠭᠠᠨ ᠦᠨᠳᠦᠰᠦᠨ ᠱᠠᠳᠤ ᠪᠠᠷ | ᠬᠦᠨᠵᠡᠬᠡᠶᠢᠷᠡᠨ᠂ ᠰᠢᠨ᠎ᠡ ᠰᠡᠪᠡᠬᠦᠨ ᠰᠡᠳᠤᠪ ᠰᠦᠪᠡᠭᠴᠢ ᠡᠷᠢᠵᠦ᠂ ᠤᠯᠠᠨ ᠲᠦᠮᠡᠨ ᠤ ᠬᠦᠰᠡᠯ ᠱᠠᠭᠠᠷᠳᠠᠯᠭ᠎ᠠ ᠶᠢ | ᠰᠤᠨᠤᠰᠤᠨ᠂ ᠰᠦᠯᠵᠢᠶ᠎ᠡ ᠪᠤᠯᠤᠨ ᠸᠢᠴᠠᠲ ᠤᠨ ᠤᠯᠠᠨ ᠨᠡᠶᠢᠳᠡ ᠶᠢᠨ ᠲᠠᠪᠴᠠᠩ ᠢᠶᠠᠷ ᠤᠯᠠᠨ ᠲᠦᠮᠡᠨ ᠳᠤ | ᠦᠢᠯᠡᠴᠢᠯᠡᠭᠰᠡᠬᠡᠷ ᠢᠷᠡᠵᠠᠢ᠃ | ᠲᠤᠰ ᠤᠳᠠᠭ᠎ᠠ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠵᠢᠯᠳᠠᠳ ᠬᠤᠳᠠ ᠶᠢᠨ ᠠᠷᠠᠳ ᠤᠨ | ᠵᠠᠰᠠᠭ ᠤᠨ ᠤᠷᠳᠤᠨ ᠤ ᠵᠠᠰᠠᠭ ᠤᠨ ᠶᠠᠪᠤᠳᠠᠯ ᠤᠨ ᠮᠤᠩᠭᠤᠯ ᠬᠡᠯᠡᠨ ᠤ ᠰᠦᠯᠵᠢᠶ᠎ᠡ ᠶᠢᠨ ᠠᠵᠢᠯᠳᠠᠨ ᠪᠤᠯᠤᠨ ᠬᠡᠰᠡᠭ | ᠬᠤᠰᠢᠭᠤ ᠲᠤᠭᠤᠷᠢᠭ ᠤᠨ ᠵᠠᠰᠠᠭ ᠤᠨ ᠤᠷᠳᠤᠨ ᠤ ᠮᠤᠩᠭᠤᠯ ᠬᠡᠯᠡᠨ ᠤ ᠰᠦᠯᠵᠢᠶ᠎ᠡ ᠶᠢᠨ ᠠᠵᠢᠯᠳᠠᠳ ᠲᠠᠢ ᠬᠠᠮᠳᠤ | ᠪᠠᠷ ᠨᠠᠮ ᠤᠨ ᠠᠷᠪᠠ ᠶᠢᠰᠦᠳᠦᠬᠡᠷ ᠬᠤᠭᠤᠴᠠᠭᠠᠨ ᠤ ᠲᠦᠪ ᠬᠤᠷᠢᠶ᠎ᠠ ᠶᠢᠨ ᠵᠢᠷᠭᠤᠳᠤᠭᠠᠷ ᠪᠦᠬᠦᠳᠡ ᠬᠤᠷᠠᠯ ᠤᠨ | ᠵᠤᠷᠢᠭ ᠰᠠᠨᠠᠭ᠎ᠠ ᠶᠢ ᠰᠤᠷᠤᠯᠴᠠᠵᠤ᠂ ᠬᠤᠷᠠᠯ ᠤᠨ ᠵᠤᠷᠢᠭ ᠰᠠᠨᠠᠭ᠎ᠠ ᠶᠢ ᠦᠨᠳᠦᠰᠦᠨ ᠱᠠᠳᠤᠨ ᠤ ᠤᠯᠠᠨ ᠲᠦᠮᠡᠨ ᠳᠤ | ᠬᠦᠷᠬᠡᠭᠰᠡᠨ ᠢᠶᠠᠷ ᠪᠠᠷᠠᠬᠤ ᠦᠬᠡᠢ ᠨᠡᠶᠢᠬᠡᠮ ᠲᠤᠭᠤᠷᠢᠭ᠂ ᠮᠠᠯᠴᠢᠨ ᠡᠷᠦᠬᠡ ᠪᠠᠷ ᠬᠦᠨᠵᠡᠬᠡᠶᠢᠷᠡᠨ ᠰᠦᠯᠵᠢᠶ᠎ᠡ | ᠡᠷᠬᠢᠯᠡᠵᠦ ᠪᠦᠬᠦᠢ ᠤᠨᠴᠠᠯᠢᠭ ᠢᠶᠠᠨ ᠤᠯᠠᠨ ᠲᠦᠮᠡᠨ ᠳᠤ ᠲᠠᠨᠢᠯᠴᠠᠭᠤᠯᠤᠨ ᠶᠠᠷᠢᠵᠤ᠂ ᠲᠡᠳᠡᠨ ᠤ ᠦᠵᠡᠬᠦ ᠲᠤᠷᠠᠳᠠᠢ | ᠠᠭᠤᠯᠭ᠎ᠠ ᠵᠢᠴᠢ ᠬᠦᠰᠡᠯ ᠱᠠᠭᠠᠷᠳᠠᠯᠭ᠎ᠠ ᠶᠢ ᠰᠤᠷᠪᠤᠯᠵᠢᠯᠠᠨ ᠤᠶᠢᠯᠠᠭᠠᠵᠤ᠂ ᠰᠢᠨ᠎ᠡ ᠴᠠᠭ ᠦᠶ᠎ᠡ ᠳᠤ ᠨᠠᠮ ᠪᠤᠯᠤᠨ | ᠦᠨᠳᠦᠰᠦᠨ ᠱᠠᠳᠤᠨ ᠤ ᠠᠷᠠᠳ ᠲᠦᠮᠡᠨ ᠤ ᠬᠤᠭᠤᠷᠤᠨᠳᠤᠬᠢ ᠬᠦᠬᠦᠷᠬᠡ ᠬᠤᠯᠪᠤᠭᠠᠰᠤ ᠶᠢᠨ ᠦᠢᠯᠡᠳᠦᠯ ᠢᠶᠠᠨ | ᠤᠯᠠᠮ ᠢᠯᠡᠬᠦᠦ ᠪᠠᠳᠠᠷᠠᠭᠤᠯᠵᠤ᠂ ᠰᠦᠯᠵᠢᠶ᠎ᠡ ᠲᠠᠪᠴᠠᠩ ᠡᠷᠬᠢᠯᠡᠬᠦ ᠳᠤ ᠰᠢᠨ᠎ᠡ ᠡᠷᠢᠯᠬᠢᠯᠡᠯ ᠲᠠᠨᠢᠯᠳᠠ ᠲᠠᠢ ᠪᠤᠯᠵᠤ᠂ | ᠦᠨᠳᠦᠰᠦᠨ ᠱᠠᠳᠤᠨ ᠤ ᠤᠯᠠᠨ ᠲᠦᠮᠡᠨ ᠤ ᠬᠦᠰᠡᠯ ᠨᠠᠶᠢᠳᠠᠯᠭ᠎ᠠ ᠶᠢ ᠨᠡᠩ ᠰᠠᠶᠢᠨ ᠲᠠᠮᠵᠢᠭᠤᠯᠵᠤ᠂ ᠤᠯᠠᠨ ᠲᠦᠮᠡᠨ | ᠳᠤ ᠪᠠᠨ ᠨᠡᠩ ᠰᠠᠶᠢᠨ ᠦᠢᠯᠡᠴᠢᠯᠡᠬᠦ ᠢᠳᠡᠬᠡᠯ ᠵᠤᠷᠢᠭ ᠨᠢ ᠬᠦᠪᠴᠢᠯᠡᠭᠳᠠᠪᠡ᠃ | | | ᠨᠠᠮ ᠤᠨ ᠠᠷᠪᠠ ᠶᠢᠰᠦᠳᠦᠬᠡᠷ ᠬᠤᠭᠤᠴᠠᠭᠠᠨ ᠤ ᠲᠦᠪ ᠬᠤᠷᠢᠶ᠎ᠠ ᠶᠢᠨ ᠵᠢᠷᠭᠤᠳᠤᠭᠠᠷ ᠪᠦᠬᠦᠳᠡ ᠬᠤᠷᠠᠯ ᠤᠨ ᠵᠤᠷᠢᠭ | ᠰᠠᠨᠠᠭ᠎ᠠ ᠶᠢ ᠰᠤᠷᠤᠯᠴᠠᠵᠤ ᠪᠠᠶᠢᠭ᠎ᠠ ᠨᠢ ↑ | | | | | | ᠨᠠᠮ ᠤᠨ ᠠᠷᠪᠠ ᠶᠢᠰᠦᠳᠦᠬᠡᠷ ᠬᠤᠭᠤᠴᠠᠭᠠᠨ ᠤ ᠲᠦᠪ ᠬᠤᠷᠢᠶ᠎ᠠ ᠶᠢᠨ ᠵᠢᠷᠭᠤᠳᠤᠭᠠᠷ ᠪᠦᠬᠦᠳᠡ ᠬᠤᠷᠠᠯ ᠤᠨ ᠵᠤᠷᠢᠭ | ᠰᠠᠨᠠᠭ᠎ᠠ ᠶᠢ ᠰᠤᠷᠤᠯᠴᠠᠵᠤ ᠪᠠᠶᠢᠭ᠎ᠠ ᠨᠢ ↑ | | | | | | | | | | | | | | | | |