ᠡᠵᠡᠨ ᠬᠤᠷᠤᠭ᠎ᠠ ᠬᠤᠰᠢᠭᠤ ︽2020 ᠣᠨ ᠤ ᠳᠤᠮᠳᠠᠳᠤ ᠤᠯᠤᠰ ᠤᠨ ᠰᠣᠶᠣᠯ ᠵᠢᠭᠤᠯᠴᠢᠯᠠᠯ ᠠᠭᠤᠰᠤᠯᠴᠠᠨ ᠬᠥᠭᠵᠢᠭᠰᠡᠨ ᠨᠠᠷᠠᠲᠤ ᠰᠢᠶᠠᠨ ( ᠲᠣᠭᠤᠷᠢᠭ )᠎ ᠤ ᠬᠡᠷᠡᠭ ᠤᠨ ᠵᠢᠱᠢᠶ᠎ᠡ︾᠎ ᠳᠤ ᠣᠷᠣᠪᠠ
ᠨᠡᠶᠢᠲᠡᠯᠡᠭᠰᠡᠨ ᠴᠠᠭ᠄
2021/12/23
       ᠣᠶᠢᠷ᠎ᠠ ᠳᠤ᠂ ︽ᠴᠢᠨᠠᠷ ᠰᠠᠶᠢᠲᠠᠶ ᠬᠥᠭᠵᠢᠯᠲᠡ ᠶᠢ ᠥᠨᠳᠥᠷ ᠲᠦᠪᠰᠢᠨ ᠢᠶᠠᠷ ᠰᠡᠷᠭᠦᠭᠡᠬᠦ︾᠎ ᠪᠠᠷ ᠭᠤᠤᠯ ᠰᠡᠳᠦᠪ ᠪᠣᠯᠭᠠᠭᠰᠠᠨ ᠨᠠᠶᠮᠠᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠵᠢᠭᠤᠯᠴᠢᠯᠠᠯ ᠤᠨ ᠠᠵᠤ ᠦᠶᠯᠡᠰ ᠤᠨ ᠬᠥᠭᠵᠢᠯᠲᠡ ᠶᠢᠨ ᠣᠨ ᠤ ᠬᠤᠷᠠᠯ ᠭᠢᠷᠢᠨ ᠮᠤᠵᠢ ᠶᠢᠨ ᠴᠠᠩᠴᠦ᠋ᠨ ᠬᠤᠲᠠ ᠳᠤ ᠶᠠᠪᠤᠭᠳᠠᠵᠤ᠂ ᠡᠭᠦᠨ ᠤ ᠬᠠᠮᠲᠤ ︽2020 ᠣᠨ ᠤ ᠳᠤᠮᠳᠠᠳᠤ ᠤᠯᠤᠰ ᠤᠨ ᠵᠢᠭᠤᠯᠴᠢᠯᠠᠯ ᠤᠨ ᠠᠵᠤ ᠦᠶᠯᠡᠰ ᠤᠨ ᠨᠥᠯᠥᠭᠡᠯᠡᠬᠦ ᠬᠦᠴᠦᠨ ᠤ ᠵᠠᠷᠯᠠᠯ︾᠎ ᠢ ᠴᠤ ᠬᠤᠷᠠᠯ ᠳᠡᠭᠡᠷ᠎ᠡ ᠨᠡᠶᠢᠲᠡᠯᠡᠵᠦ᠂ ᠡᠵᠡᠨ ᠬᠤᠷᠤᠭ᠎ᠠ ᠬᠤᠰᠢᠭᠤ ︽2020 ᠣᠨ ᠤ ᠳᠤᠮᠳᠠᠳᠤ ᠤᠯᠤᠰ ᠤᠨ ᠰᠣᠶᠣᠯ ᠵᠢᠭᠤᠯᠴᠢᠯᠠᠯ ᠢ ᠠᠭᠤᠰᠤᠯᠴᠠᠭᠤᠯᠤᠨ ᠬᠥᠭᠵᠢᠭᠦᠯᠦᠭᠰᠡᠨ ᠨᠠᠷᠠᠲᠤ ᠰᠢᠶᠠᠨ ︵ᠲᠣᠭᠤᠷᠢᠭ︶᠎ ᠤ ᠬᠡᠷᠡᠭ ᠤᠨ ᠵᠢᠱᠢᠶ᠎ᠡ︾᠎ ᠳᠤ ᠣᠷᠣᠪᠠ  ᠃      ᠣᠶᠢᠷ᠎ᠠ ᠶᠢᠨ ᠵᠢᠯ ᠠᠴᠠ ᠨᠠᠭᠠᠰᠢ᠂ ᠡᠵᠡᠨ ᠬᠤᠷᠤᠭ᠎ᠠ ᠬᠤᠰᠢᠭᠤ ᠰᠤᠳᠤᠨ ᠰᠣᠶᠣᠯ ᠤᠨ ᠪᠦᠲᠦᠭᠡᠭᠳᠡᠬᠦᠨ ᠪᠠ ᠴᠢᠨᠠᠷ ᠰᠠᠶᠢᠲᠠᠶ ᠵᠢᠭᠤᠯᠴᠢᠯᠠᠯ ᠤᠨ ᠪᠦᠲᠦᠭᠡᠭᠳᠡᠬᠦᠨ ᠬᠠᠩᠭᠠᠬᠤ ᠪᠠᠷ ᠬᠠᠷᠠᠯᠲᠠ ᠪᠣᠯᠭᠠᠵᠤ᠂ ᠠᠭᠤᠰᠤᠯᠴᠠᠨ ᠬᠥᠭᠵᠢᠬᠦ ᠎ ᠪᠠᠷ ᠭᠤᠤᠯ ᠱᠤᠭᠤᠮ ᠪᠣᠯᠭᠠᠵᠤ᠂ ᠰᠣᠶᠣᠯ ᠢᠶᠠᠷ ᠵᠢᠭᠤᠯᠴᠢᠯᠠᠯ ᠢ ᠠᠬᠢᠭᠤᠯᠵᠤ᠂ ᠵᠢᠭᠤᠯᠴᠢᠯᠠᠯ ᠢᠶᠠᠷ ᠰᠣᠶᠣᠯ ᠢ ᠢᠯᠡᠷᠡᠭᠦᠯᠵᠦ᠂ ᠡᠬᠢ ᠪᠠᠶᠠᠯᠢᠭ ᠢ ᠨᠡᠶᠢᠳᠬᠡᠬᠦ᠂ ᠲᠥᠷᠥᠯ ᠵᠦᠶᠯ ᠢ ᠤᠶᠠᠯᠳᠤᠭᠤᠯᠬᠤ᠂ ᠠᠵᠤ ᠦᠶᠯᠡᠰ ᠢ ᠠᠭᠤᠰᠤᠯᠴᠠᠭᠤᠯᠬᠤ ᠶᠢ ᠠᠬᠢᠭᠤᠯᠵᠤ᠂ ᠪᠥᠬᠦ ᠬᠡᠪᠴᠢᠶᠡᠨ ᠤ ᠵᠢᠭᠤᠯᠴᠢᠯᠠᠯ ᠤᠨ ᠰᠢᠨ᠎ᠡ ᠵᠠᠮ ᠢ ᠨᠡᠭᠡᠭᠡᠵᠦ᠂ ᠡᠵᠡᠨ ᠬᠤᠷᠤᠭ᠎ᠠ ᠶᠢᠨ ᠵᠢᠭᠤᠯᠴᠢᠯᠠᠯ ᠤᠨ ᠠᠵᠤ ᠦᠶᠯᠡᠰ ᠤᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠬᠠᠭᠤᠳᠠᠰᠤ ᠶᠢ ᠪᠢᠴᠢᠭᠯᠡᠪᠡ᠃  
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号