ᠡᠵᠡᠨ ᠬᠤᠷᠤᠭ᠎ᠠ ᠬᠤᠰᠢᠭᠤᠨ ᠤ ᠮᠣᠩᠭᠤᠯ ᠦᠨᠳᠦᠰᠦᠲᠡᠨ ᠤ ᠳᠣᠮᠳᠠᠳᠤ ᠰᠤᠷᠭᠠᠭᠤᠯᠢ ︽ᠨᠠᠮ ᠪᠠᠶᠢᠭᠤᠯᠤᠭᠳᠠᠭᠰᠠᠨ100 ᠵᠢᠯ ᠤᠨ ᠣᠢ ᠶᠢ ᠪᠡᠯᠭᠡᠯᠡᠬᠦ︾ ᠨᠠᠶᠢᠷᠠᠯ ᠳᠠᠭᠤᠨ ᠤ ᠤᠷᠤᠯᠳᠤᠭᠠᠨ ᠬᠢᠭᠰᠡᠨ
ᠨᠡᠶᠢᠲᠡᠯᠡᠭᠰᠡᠨ ᠴᠠᠭ᠄
2021/12/23
     ᠡᠵᠡᠨ ᠬᠤᠷᠤᠭ᠎ᠠ ᠬᠤᠰᠢᠭᠤᠨ ᠤ ᠮᠣᠩᠭᠤᠯ ᠦᠨᠳᠦᠰᠦᠲᠡᠨ ᠤ ᠳᠣᠮᠳᠠᠳᠤ ᠰᠤᠷᠭᠠᠭᠤᠯᠢ ᠳᠣᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠣᠢ ᠶᠢ ᠪᠡᠯᠭᠡᠯᠡᠵᠦ᠂ ᠪᠠᠭᠰᠢ ᠰᠤᠷᠤᠭᠴᠢᠳ ᠤᠨ ᠤᠯᠤᠰ ᠢᠶᠠᠨ ᠬᠠᠶᠢᠷᠠᠯᠠᠵᠤ᠂ ᠨᠠᠮ ᠢᠶᠠᠨ ᠬᠠᠶᠢᠷᠠᠯᠠᠨ᠂ ᠰᠤᠷᠭᠠᠭᠤᠯᠢ ᠶᠢᠨ ᠬᠦᠷᠢᠶᠡᠨ ᠤ ᠰᠣᠶᠣᠯ ᠤᠨ ᠬᠥᠳᠡᠯᠭᠡᠭᠡᠨ ᠢ ᠪᠠᠶᠠᠯᠢᠭᠵᠢᠭᠤᠯᠬᠤ ᠶᠢᠨ ᠲᠥᠯᠦᠭᠡ᠂ ︽ᠣᠷᠢ ᠵᠠᠯᠠᠭᠤᠴᠤᠳ ᠨᠠᠮ ᠢᠶᠠᠨ ᠬᠦᠷᠢᠶᠡᠯᠡᠨ ᠨᠠᠮ ᠪᠠᠶᠢᠭᠤᠯᠤᠭᠳᠠᠭᠰᠠᠨ 100 ᠵᠢᠯ ᠤᠨ ᠣᠢ ᠶᠢ ᠪᠡᠯᠭᠡᠯᠡᠬᠦ︾ ᠨᠠᠶᠢᠷᠠᠯ ᠳᠠᠭᠤᠨ ᠤ ᠤᠷᠤᠯᠳᠤᠭᠠᠨ ᠬᠢᠭᠰᠡᠨ ᠪᠠᠶᠢᠨ᠎ᠠ᠃      ᠤᠷᠤᠯᠳᠤᠭᠠᠨ ᠶᠢ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠪᠠ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠭᠡᠵᠦ ᠬᠤᠶᠠᠷ ᠳᠤᠭᠤᠶᠢᠯᠠᠩ ᠬᠤᠪᠢᠶᠠᠨ ᠶᠠᠪᠤᠬᠳᠠᠭᠤᠯᠵᠦ᠂ ᠨᠢᠭᠡᠨᠳᠡ ᠲᠡᠭᠦᠰᠦᠭᠰᠡᠨ ᠠᠩᠬ᠎ᠠ ᠭᠤᠷᠪᠠ ᠪᠠ ᠳᠡᠭᠡᠳᠦ ᠭᠤᠷᠪᠠ ᠶᠢ ᠭᠠᠷᠭᠠᠪᠠᠯ ᠪᠥᠬᠦ ᠰᠤᠷᠭᠠᠭᠤᠯᠢ ᠶᠢᠨ 260 ᠭᠠᠷᠤᠢ ᠰᠤᠷᠤᠭᠴᠢ ᠤᠷᠤᠯᠳᠤᠭᠠᠨ ᠳᠤ ᠤᠷᠤᠯᠴᠠᠨ᠂ ᠬᠤᠪᠢᠰᠬᠠᠯ ᠤᠨ ᠳᠠᠭᠤᠤ ᠪᠠᠷ ᠤᠷᠤᠯᠳᠤᠭᠠᠨ ᠢᠶᠠᠨ ᠡᠬᠢᠯᠡᠭᠦᠯᠪᠡ᠃ ᠤᠷᠤᠯᠳᠤᠭᠠᠨ ᠳᠤ᠂ ᠰᠤᠷᠤᠭᠴᠢᠳ ᠤᠨ ᠬᠤᠪᠴᠠᠰᠤ ᠵᠠᠰᠠᠯ ᠨᠢ ᠨᠢᠭᠡᠳᠦᠯᠲᠠᠢ ᠪᠠᠶᠢᠵᠤ᠂ ᠠᠶ᠎ᠠ ᠪᠣᠯᠤᠨ ᠴᠣᠬᠢᠯᠭ᠎ᠠ ᠶᠢ ᠣᠨᠣᠪᠴᠢᠲᠠᠢ ᠡᠵᠡᠮᠳᠡᠨ᠂ ᠣᠷᠭᠢᠯᠤᠮ᠎ᠠ ᠬᠠᠯᠠᠭᠤᠨ ᠰᠡᠳᠬᠢᠯᠭᠡ ᠪᠠᠷ ︽ᠤᠯᠠᠭᠠᠨ ᠣᠳᠤ︾ ︽ᠬᠠᠲᠤᠨ ᠭᠤᠣᠯ ᠢ ᠬᠠᠮᠠᠭᠠᠯᠠᠶ᠎ᠠ︾ ︽ᠨᠠᠮ ᠮᠢᠨᠢ︾ ᠵᠡᠷᠭᠡ ᠬᠤᠪᠢᠰᠬᠠᠯ ᠤᠨ ᠳᠠᠭᠤᠤ ᠪᠠᠷ ᠤᠯᠤᠰ ᠣᠷᠣᠨ᠂ ᠨᠠᠮ ᠳᠤ ᠪᠠᠨ ᠬᠠᠶᠢᠷᠠᠲᠠᠢ ᠪᠠᠶᠢᠬᠤ ᠪᠠᠨ ᠢᠯᠡᠷᠬᠡᠶᠢᠯᠡᠭᠰᠡᠨ ᠪᠠᠶᠢᠨ᠎ᠠ᠃      ᠲᠤᠰ ᠤᠳᠠᠭᠠᠨ ᠤ ᠤᠷᠤᠯᠳᠤᠭᠠᠨ ᠨᠢ ᠬᠤᠪᠢᠰᠬᠠᠯ ᠤᠨ ᠳᠠᠭᠤᠤ ᠪᠠᠷ ᠠᠴᠢᠶᠠᠯᠠᠪᠤᠷᠢ ᠪᠣᠯᠭᠠᠵᠤ ᠠᠩᠬ᠎ᠠ ᠳᠤᠮᠳᠠᠳᠤ ᠪᠠ ᠳᠡᠭᠡᠳᠦ ᠳᠣᠮᠳᠠᠳᠤ ᠶᠢᠨ ᠰᠤᠷᠤᠭᠴᠢᠳ ᠤᠨ ᠡᠬᠡ ᠣᠷᠣᠨᠴᠢ ᠦᠵᠡᠯ᠂ ᠬᠤᠪᠢᠰᠬᠠᠯ ᠤᠨ ᠦᠵᠡᠯ ᠰᠠᠨᠠᠭ᠎ᠠ ᠶᠢ ᠳᠡᠭᠡᠭᠰᠢᠯᠡᠭᠦᠯᠵᠦ᠂ ᠬᠤᠪᠢᠰᠬᠠᠯ ᠤᠨ ᠲᠤᠬᠠᠢ ᠬᠥᠮᠦᠵᠢᠯ ᠢ ᠴᠢᠩᠭᠠᠷᠠᠭᠤᠯᠤᠨ᠂ ᠬᠤᠪᠢᠰᠬᠠᠯ ᠤᠨ ᠳᠠᠭᠤᠤ ᠶᠢ ᠳᠠᠭᠤᠯᠠᠬᠤ ᠪᠠᠷ ᠳᠠᠮᠵᠢᠨ ᠰᠤᠷᠤᠭᠴᠢᠳ ᠢ ᠨᠠᠮ ᠤᠨ ᠲᠡᠦᠬᠡ ᠶᠢ ᠰᠤᠷᠤᠯᠴᠠᠭᠤᠯᠵᠤ᠂ ᠦᠨᠳᠦᠰᠦᠲᠡᠨ ᠤ ᠣᠮᠤᠭ ᠪᠠᠭ᠋ᠠᠷᠬᠠᠯᠲᠤ ᠰᠡᠳᠬᠢᠯᠭᠡ ᠪᠠ ᠢᠲᠡᠭᠡᠯ ᠵᠣᠷᠢᠭ ᠢ ᠨᠢ ᠬᠥᠪᠴᠢᠯᠡᠵᠦ᠂ ᠡᠬᠡ ᠣᠷᠣᠨᠴᠢ ᠦᠵᠡᠯ ᠤᠨ ᠵᠣᠷᠢᠭ ᠰᠠᠨᠠᠭ᠎ᠠ ᠶᠢ ᠤᠯᠠᠮᠵᠢᠯᠠᠨ ᠪᠠᠳᠠᠷᠠᠭᠤᠯᠤᠭᠰᠠᠨ ᠪᠠᠶᠢᠨ᠎ᠠ᠃
 
ᠢᠷᠡᠯᠲᠡ᠄ ᠡᠵᠡᠨ ᠬᠤᠷᠤᠭ᠎ᠠ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号