ᠥᠪᠡᠷᠮᠢᠴᠡ ᠣᠨᠴᠠᠯᠢᠭ ᠲᠠᠢ ᠬᠡᠭᠡᠷ᠎ᠡ ᠶᠢᠨ ᠨᠣᠭᠤᠭ᠎ᠠ ᠨᠢ ︽ᠬᠤᠪᠣᠷ ᠡᠷᠳᠡᠨᠢ︾ ᠪᠣᠯᠵᠤ ᠪᠠᠶᠢᠬᠤ
ᠨᠡᠶᠢᠲᠡᠯᠡᠭᠰᠡᠨ ᠴᠠᠭ᠄
2021/12/23
     ᠣᠶᠢᠷ᠎ᠠ ᠳᠤ᠂ ᠰᠤᠷᠪᠤᠯᠵᠢᠯᠠᠭᠴᠢ ᠪᠠᠷᠠᠭᠤᠨ ᠠᠭᠤᠯᠠ ᠶᠢᠨ ᠥᠷᠯᠦᠭᠡᠨ ᠤ ᠵᠠᠬ᠎ᠠ ᠳᠡᠭᠡᠷ᠎ᠡ᠂ ᠭᠠᠰᠢᠭᠤᠨ ᠨᠣᠭᠤᠭ᠎ᠠ᠂ ᠲᠠᠭᠠᠨ᠎ᠠ᠂ ᠡᠯᠡᠰᠦᠨ ᠯᠤᠤᠪᠠᠩ ᠵᠡᠷᠭᠡ ᠬᠡᠭᠡᠷ᠎ᠡ ᠶᠢᠨ ᠨᠣᠭᠤᠭ᠎ᠠ ᠬᠤᠳᠠᠯᠳᠤᠵᠤ ᠪᠠᠶᠢᠬᠤ ᠶᠢ ᠣᠯᠵᠤ ᠬᠠᠷᠠᠪᠠ᠃      ᠬᠡᠭᠡᠷ᠎ᠡ ᠶᠢᠨ ᠨᠣᠭᠤᠭ᠎ᠠ ᠪᠣᠯ ᠨᠢᠭᠡ ᠵᠦᠢᠯ ᠤᠨ ᠴᠤᠯᠤ ᠪᠠᠶᠢᠭᠠᠯᠢᠯᠢᠭ ᠢᠳᠡᠭᠡᠨ ᠪᠣᠯᠤᠨ᠎ᠠ᠂ ᠰᠢᠮ᠎ᠡ ᠲᠡᠵᠢᠭᠡᠯ ᠤᠨ ᠥᠷᠲᠡᠭ ᠨᠢ ᠳᠠᠷᠢᠭᠰᠠᠨ ᠢᠳᠡᠰᠢᠨ ᠨᠣᠭᠤᠭ᠎ᠠ ᠠᠴᠠ ᠥᠨᠳᠥᠷ ᠮᠥᠷᠲᠡᠭᠡᠨ ᠵᠣᠬᠢᠬᠤ ᠡᠮ ᠤᠨ ᠦᠨ᠎ᠡ ᠥᠷᠲᠡᠭ ᠲᠠᠢ ᠶᠣᠮ᠃ ᠦᠨᠡᠨ ᠳᠤ ᠪᠠᠨ ᠬᠡᠭᠡᠷ᠎ᠡ ᠶᠢᠨ ᠨᠣᠭᠤᠭ᠎ᠠ ᠢᠳᠡᠬᠦ ᠨᠢ ᠠᠬᠠᠮᠠᠳ ᠨᠢᠭᠡ ᠦᠶ᠎ᠡ ᠶᠢᠨ ᠬᠥᠮᠦᠰ ᠲᠤ ᠠᠪᠴᠤ ᠬᠡᠯᠡᠪᠡᠯ ᠭᠦᠨ ᠰᠠᠭᠤᠭᠳᠠᠯ ᠲᠠᠢ ᠪᠠᠶᠢᠵᠤ᠂ ᠲᠤᠬᠠᠢ ᠶᠢᠨ ᠦᠶ᠎ᠡ ᠳᠤ ᠬᠡᠭᠡᠷ᠎ᠡ ᠶᠢᠨ ᠨᠣᠭᠤᠭ᠎ᠠ ᠢᠳᠡᠬᠦ ᠨᠢ ᠭᠡᠳᠡᠰᠦ ᠪᠠᠨ ᠴᠠᠳᠬᠤᠬᠤ ᠶᠢᠨ ᠲᠥᠯᠥᠭᠡ ᠪᠠᠶᠢᠭᠰᠠᠨ ᠪᠣᠯ᠂ ᠣᠳᠣ ᠬᠠᠷᠢᠨ ᠰᠢᠮ᠎ᠡ ᠲᠡᠵᠢᠭᠡᠯ ᠡᠷᠡᠭᠦᠯ ᠮᠡᠨᠳᠦ ᠎ ᠶᠢ ᠬᠥᠭᠡᠭᠡᠴᠡᠯᠳᠦᠬᠦ ᠡᠭᠦᠳᠡᠨ ᠠᠴᠠ ᠢᠳᠡᠳᠡᠭ ᠪᠣᠯᠤᠭᠰᠠᠨ ᠪᠠᠶᠢᠨ᠎ᠠ᠃      ᠣᠳᠣᠬᠠᠨ ᠳᠤ᠂ ᠬᠡᠭᠡᠷ᠎ᠡ ᠶᠢᠨ ᠨᠣᠭᠤᠭ᠎ᠠ ᠨᠢ ᠣᠷᠣᠨ ᠨᠤᠲᠤᠭ ᠤᠨ ᠤᠨᠴᠠᠯᠢᠬᠳᠤ ᠨᠣᠭᠤᠭ᠎ᠠ ᠪᠤᠯᠵᠤ᠂ ᠬᠡᠷᠡᠭᠯᠡᠭᠴᠢᠳ ᠤᠨ ᠪᠠᠭ᠋ᠠᠷᠬᠠᠯ ᠢ ᠳᠠᠲᠠᠨ᠂ ᠡᠯᠡᠰᠦᠨ ᠯᠤᠤᠪᠠᠩ ᠲᠠᠢ ᠱᠥᠯᠥ᠂ ᠲᠠᠭᠠᠨ᠎ᠠ ᠲᠠᠢ ᠪᠤᠤᠰᠠ ᠬᠢᠬᠦ ᠵᠡᠷᠭᠡ ᠨᠢ ᠬᠥᠮᠦᠰ ᠤᠨ ᠬᠦᠷᠢᠶᠡᠯᠡᠯ ᠢ ᠶᠡᠭᠡ ᠪᠠᠷ ᠣᠯᠵᠤ᠂ ᠥᠷᠯᠥᠭᠡᠨ ᠤ ᠵᠠᠬ᠎ᠠ ᠠᠴᠠ ᠬᠤᠳᠠᠯᠳᠤᠨ ᠠᠪᠬᠤ ᠠᠴᠠ ᠭᠠᠳᠠᠨ᠎ᠠ᠂ ᠪᠠᠶᠠᠷ ᠳᠤᠷᠠᠰᠬᠠᠯ᠂ ᠠᠮᠠᠷᠠᠯᠲᠠ ᠶᠢᠨ ᠡᠳᠦᠷ᠂ ᠬᠦᠮᠦᠰ ᠬᠦᠳᠡᠭᠡ ᠠᠴᠠ ᠬᠡᠭᠡᠷ᠎ᠡ ᠶᠢᠨ ᠨᠣᠭᠤᠭ᠎ᠠ ᠲᠡᠭᠦᠬᠦ ᠨᠢ ᠬᠤᠲᠠ ᠶᠢᠨ ᠠᠷᠠᠳ ᠤᠨ ᠪᠡᠶ᠎ᠡ ᠪᠠᠨ ᠪᠣᠯᠪᠠᠰᠤᠷᠠᠭᠤᠯᠬᠤ᠂ ᠪᠠᠶᠢᠭᠠᠯᠢᠯᠢᠭ ᠪᠡᠶ᠎ᠡ ᠰᠣᠪᠢᠯᠠᠯᠲᠠ ᠬᠢᠬᠦ‍ ᠨᠢᠭᠡ ᠵᠦᠢᠯ ᠤᠨ ᠠᠷᠭ᠎ᠠ ᠪᠣᠯᠵᠤ ᠪᠠᠶᠢᠨ᠎ᠠ᠃
 
ᠢᠷᠡᠯᠲᠡ᠄ ᠡᠵᠡᠨ ᠬᠤᠷᠤᠭ᠎ᠠ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号