ᠡᠵᠡᠨ ᠬᠤᠷᠤᠭ᠎ᠠ ᠬᠤᠰᠢᠭᠤ ︽5 ᠳ᠋ᠤᠭᠠᠷ ᠰᠠᠷ᠎ᠠ ᠶᠢᠨ 18᠎ ᠤ ᠣᠯᠠᠨ ᠤᠯᠤᠰ ᠤᠨ ᠮᠦᠽᠧᠶ ᠶᠢᠨ ᠡᠳᠦᠷ︾᠎ ᠤᠨ ᠭᠤᠤᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠦᠷᠨᠢᠬᠦᠯᠪᠠ
ᠨᠡᠶᠢᠲᠡᠯᠡᠭᠰᠡᠨ ᠴᠠᠭ᠄
2021/12/23
     ᠡᠨᠡ ᠵᠢᠯ ᠤᠨ 5 ᠳ᠋ᠤᠭᠠᠷ ᠰᠠᠷ᠎ᠠ ᠶᠢᠨ 18᠎ ᠤ ᠡᠳᠦᠷ ᠪᠣᠯ ᠳᠥᠴᠢᠨ ᠲᠠᠪᠤᠳᠠᠬᠢ ᠤᠳᠠᠭᠠᠨ ᠤ ︽ᠣᠯᠠᠨ ᠤᠯᠤᠰ ᠤᠨ ᠮᠦᠽᠧᠶ ᠶᠢᠨ ᠡᠳᠦᠷ︾ ᠪᠠᠶᠢᠵᠤ᠂ ᠡᠵᠡᠨ ᠬᠤᠷᠤᠭ᠎ᠠ ᠬᠤᠰᠢᠭᠤᠨ ᠤ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠪᠠ ᠵᠢᠭᠤᠯᠴᠢᠯᠠᠯ ᠤᠨ ᠦᠢᠯᠡᠰ ᠤᠨ ᠬᠥᠭᠵᠢᠯᠲᠡ ᠶᠢᠨ ᠲᠥᠪ ︽ᠮᠦᠽᠧᠶ ᠶᠢᠨ ᠢᠷᠡᠭᠡᠳᠦᠶ᠄ ᠰᠡᠷᠭᠦᠭᠡᠬᠦ ᠪᠠ ᠳᠠᠬᠢᠨ ᠱᠤᠭᠤᠬᠤ︾ ᠤᠬᠠᠭᠤᠯᠭ᠎ᠠ ᠶᠢᠨ ᠭᠤᠤᠯ ᠰᠡᠳᠦᠪ ᠤᠨ ᠲᠣᠭᠤᠷᠢᠨ ᠳᠤ ᠰᠤᠷᠭᠠᠭᠤᠯᠢ ᠶᠢᠨ ᠬᠦᠷᠢᠶᠡᠨ ᠳᠤ ᠣᠷᠣᠵᠤ᠂ ᠸᠢᠳᠢᠣ᠋ ᠪᠠᠷ ᠨᠡᠪᠲᠡᠷᠡᠭᠦᠯᠬᠦ᠂ PPT ᠦᠵᠡᠭᠦᠯᠭᠡ ᠬᠢᠬᠦ᠂ ᠲᠤᠬᠠᠶ ᠶᠢᠨ ᠲᠠᠯᠠᠪᠠᠢ ᠳᠤ ᠬᠠᠷᠢᠯᠴᠠᠨ ᠬᠥᠳᠡᠯᠦᠯᠴᠡᠬᠦ ᠵᠡᠷᠭᠡ ᠠᠷᠭ᠎ᠠ ᠬᠡᠯᠪᠡᠷᠢ ᠪᠠᠷ ᠲᠠᠮᠵᠢᠭᠤᠯᠤᠨ ᠰᠤᠷᠤᠭᠴᠢᠳ ᠲᠤ ᠲᠡᠦᠬᠡ ᠶᠢᠨ ᠳᠤᠷᠠᠰᠬᠠᠯᠲᠤ ᠵᠦᠢᠯᠡᠰ ᠤᠨ ᠰᠠᠭᠤᠷᠢ ᠮᠡᠳᠡᠯᠭᠡ ᠶᠢ ᠲᠥᠬᠦᠮ ᠣᠶᠢᠯᠠᠭᠠᠮᠵᠢᠲᠠᠶ ᠪᠠᠷ ᠲᠦᠭᠡᠮᠡᠯᠵᠢᠬᠦᠯᠦᠭᠰᠡᠨ ᠪᠠᠶᠢᠨ᠎ᠠ᠃      ᠡᠭᠦᠨ ᠠᠴᠠ ᠭᠠᠳᠠᠨ᠎ᠠ᠂ ᠰᠤᠷᠤᠭᠴᠢᠳ ᠢ ᠵᠣᠬᠢᠶᠠᠨ ᠪᠠᠶᠢᠭᠤᠯᠤᠨ ᠵᠢᠶᠦ᠋ᠨ ᠸᠠᠩ ᠤᠨ ᠣᠷᠳᠣᠨ ᠳᠤ ᠬᠦᠷᠴᠦ᠂ ᠨᠤᠲᠤᠭ ᠤᠰᠤᠨ ᠤ ᠲᠡᠦᠬᠡ ᠶᠢᠨ ᠪᠣᠯᠪᠠᠰᠤᠨ ᠢ ᠤᠶᠢᠯᠠᠭᠠᠭᠤᠯᠤᠨ᠂ ᠴᠢᠬᠤᠯᠠ ᠴᠢᠨᠠᠷ ᠢ ᠮᠡᠳᠡᠭᠦᠯᠵᠦ᠂ ᠬᠠᠮᠠᠭᠠᠯᠠᠬᠤ ᠡᠩᠨᠡᠭᠡᠨ ᠳᠤ ᠢᠳᠡᠪᠬᠢᠲᠡᠶ ᠤᠷᠤᠯᠴᠠᠭᠤᠯᠪᠠ᠃ ᠭᠤᠤᠯᠯᠠᠨ ᠡᠷᠬᠢᠯᠡᠭᠰᠡᠨ ᠲᠠᠯ᠎ᠠ ᠶᠢᠨ ᠬᠢᠨ ᠪᠠᠰᠠ ᠬᠤᠪᠢᠰᠬᠠᠯ ᠤᠨ ᠳᠠᠭᠤᠤ ᠳᠠᠭᠤᠯᠠᠬᠤ᠂ ᠰᠣᠳᠣᠨ ᠲᠡᠦᠬᠡ ᠶᠢᠨ ᠳᠤᠷᠠᠰᠬᠠᠯᠲᠤ ᠵᠦᠢᠯᠡᠰ ᠢ ᠦᠢᠯᠡᠳᠬᠦ ᠵᠡᠷᠭᠡ ᠠᠵᠢᠯᠯᠠᠭ᠎ᠠ ᠶᠢ ᠦᠷᠨᠢᠬᠦᠯᠪᠡ᠃
 
ᠢᠷᠡᠯᠲᠡ᠄ ᠡᠵᠡᠨ ᠬᠤᠷᠤᠭ᠎ᠠ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号