ᠡᠵᠡᠨ ᠬᠤᠷᠤᠭ᠎ᠠ ᠬᠤᠰᠢᠭᠤᠨ ᠤ ᠭᠢᠨᠡᠨ ᠪᠤᠳᠤᠬᠤ ᠲᠤᠪᠴᠢᠶ᠎ᠡ ︽ᠪᠢ ᠤᠯᠡᠨ ᠲᠦᠮᠡᠨ ᠳᠤ ᠪᠤᠳᠠᠳᠤ ᠶᠠᠪᠤᠳᠡᠯ ᠭᠢᠭᠦ︾ ᠦᠢᠯᠡᠳᠦᠯᠭᠡ ᠶᠢᠨ ᠠᠵᠢᠯᠯᠠᠭ᠎ᠠ ᠶᠢ ᠢᠳᠡᠪᠭᠢᠳᠡᠢ ᠠᠭᠢᠭᠤᠯᠵᠤ ᠪᠣᠢ
ᠨᠡᠶᠢᠲᠡᠯᠡᠭᠰᠡᠨ ᠴᠠᠭ᠄
2021/12/23
    ᠨᠠᠮ ᠤᠨ ᠲᠡᠤᠭᠡ ᠶᠢᠨ ᠰᠤᠷᠤᠯᠴᠠᠯᠭ᠎ᠠ ᠭᠦᠮᠦᠵᠢᠯ ᠢ ᠦᠷᠨᠢᠭᠦᠯᠦᠭᠰᠡᠨ ᠠᠴᠠ ᠨᠠᠭᠠᠰᠢ᠂ ᠡᠵᠡᠨ ᠬᠤᠷᠤᠭ᠎ᠠ ᠬᠤᠰᠢᠭᠤᠨ ᠤ ᠭᠢᠨᠡᠨ ᠪᠤᠳᠤᠬᠤ ᠲᠤᠪᠴᠢᠶ᠎ᠡ ᠨᠡᠶᠢᠭᠡᠮ ᠲᠤᠭᠤᠷᠢᠭ ᠲᠤ ᠤᠷᠤᠭᠤᠯᠬᠤ᠂ ᠡᠷᠦᠭᠡ ᠳᠤ ᠤᠷᠤᠭᠤᠯᠬᠤ᠂ ᠰᠤᠷᠭᠠᠭᠤᠯᠢ ᠳᠤ ᠤᠷᠤᠭᠤᠯᠬᠤ ︽ᠭᠤᠷᠪᠡ ᠶᠢ ᠤᠷᠤᠭᠤᠯᠬᠤ︾᠎ ᠳᠤ ᠲᠦᠰᠢᠭᠯᠡᠨ᠂ ︽ᠪᠢ ᠤᠯᠡᠨ ᠲᠦᠮᠡᠨ ᠳᠤ ᠪᠤᠳᠠᠳᠤ ᠶᠠᠪᠤᠳᠡᠯ ᠭᠢᠭᠦ︾ ᠦᠢᠯᠡᠳᠦᠯᠭᠡ ᠶᠢᠨ ᠠᠵᠢᠯᠯᠠᠭ᠎ᠠ ᠶᠢ ᠦᠷᠭᠦᠯᠵᠢᠯᠡᠨ ᠠᠭᠢᠭᠤᠯᠪᠡ᠃ ᠪᠤᠳᠠᠳᠦ ᠠᠵᠢᠯ ᠤᠨ ᠲᠤᠮᠳᠡ ᠪᠠᠨ ᠲᠤᠰ ᠲᠤᠪᠴᠢᠶ᠎ᠡ ᠶᠢᠨ ᠬᠢᠨ ︽ᠤᠷᠴᠢᠨ ᠲᠤᠭᠤᠷᠢᠨ ᠢ ᠴᠡᠭᠴᠡᠯᠡᠨ ᠵᠠᠰᠠᠵᠤ᠂ ᠦᠵᠡᠰᠭᠦᠯᠡᠩᠳᠤ ᠰᠠᠶᠢᠬᠠᠨ ᠭᠡᠷ ᠤᠷᠤᠨ ᠢᠶᠠᠨ ᠪᠦᠳᠦᠭᠡᠨ ᠪᠠᠶᠢᠭᠤᠯᠤᠶ᠎ᠡ︾᠂ ︽ᠬᠤᠯᠪᠤᠭᠠᠯᠡᠵᠤ ᠲᠠᠭᠠᠭᠠᠴᠢᠯᠡᠨ ᠲᠡᠳᠭᠦᠵᠤ᠂ ᠦᠨᠳᠦᠰᠦᠳᠡᠨ ᠨᠦᠭᠦᠳ ᠨᠢᠭᠡ ᠭᠡᠷ ᠪᠦᠯᠢ ᠮᠡᠳᠤ︾ ᠭᠡᠭᠦ ᠵᠡᠷᠭᠡ ᠶᠢᠨ ᠤᠯᠡᠨ ᠭᠡᠯᠪᠡᠷᠢ ᠶᠢᠨ ᠦᠢᠯᠡᠳᠦᠯᠭᠡ ᠶᠢᠨ ᠠᠵᠢᠯᠯᠠᠭ᠎ᠠ ᠶᠢ ᠦᠷᠨᠢᠭᠦᠯᠦᠨ᠂ ᠨᠠᠮ ᠤᠨ ᠲᠡᠤᠭᠡ ᠶᠢᠨ ᠦᠯᠢᠭᠡᠷ ᠢ ᠰᠠᠶᠢᠳᠤᠷ ᠶᠠᠷᠢᠵᠤ᠂ ᠨᠡᠶᠢᠭᠡᠮ ᠤᠨ ᠡᠯ᠎ᠡ ᠡᠳᠡᠭᠡᠳ ᠤᠨ ᠲᠤᠮᠳᠡ ᠲᠡᠤᠭᠡ ᠶᠢ ᠤᠢᠢᠯᠠᠭᠠᠨ ᠲᠡᠤᠭᠡ ᠶᠢ ᠬᠠᠶᠢᠷᠠᠯᠠᠬᠤ᠂ ᠲᠡᠤᠭᠡ ᠶᠢ ᠤᠢᠢᠯᠠᠭᠠᠨ ᠤᠯᠤᠰ ᠢᠶᠠᠨ ᠬᠠᠶᠢᠷᠠᠯᠠᠬᠤ ᠭᠦᠨ ᠵᠤᠵᠠᠭᠠᠨ ᠠᠭᠤᠷ ᠠᠮᠢᠰᠬᠤᠯ ᠢ ᠪᠤᠢ ᠪᠤᠯᠭᠠᠪᠡ︔ ᠤᠯᠡᠨ ᠲᠦᠮᠡᠨ ᠤ ᠰᠡᠳᠭᠢᠯ ᠤᠨ ᠲᠠᠭᠤᠨ ᠢ ᠰᠤᠨᠤᠰᠴᠤ᠂ ᠪᠤᠳᠠᠳᠤ ᠠᠵᠢᠯᠯᠠᠭ᠎ᠠ ᠪᠠᠷ ᠢᠶᠠᠨ ᠺᠠᠳ᠋ᠷ ᠤᠯᠡᠨ ᠲᠦᠮᠡᠨ ᠤ ᠤᠯᠤᠰ ᠤᠨ ᠦᠵᠡᠯᠳᠡ᠂ ᠦᠨᠳᠦᠰᠦᠳᠡᠨ ᠤ ᠦᠵᠡᠯᠳᠡ᠂ ᠰᠤᠶᠤᠯ ᠤᠨ ᠦᠵᠡᠯᠳᠡ ᠶᠢ ᠪᠤᠢ ᠪᠤᠯᠭᠠᠪᠡ︔ ᠭᠢᠨᠡᠨ ᠪᠤᠳᠤᠬᠤ ᠲᠠᠪᠠᠭᠤᠯᠢᠭ ᠢᠶᠠᠨ ᠭᠦᠢᠴᠡᠳ ᠪᠠᠳᠠᠷᠠᠭᠤᠯᠦᠨ᠂ ᠺᠠᠳ᠋ᠷ ᠤᠯᠡᠨ ᠲᠦᠮᠡᠨ ᠢ ᠭᠦᠳᠦᠯᠦᠨ ᠵᠢᠯᠤᠭᠤᠳᠴᠤ ᠨᠠᠮ ᠤᠨ ᠦᠭᠡ ᠶᠢ ᠰᠤᠨᠤᠰᠴᠤ᠂ ᠨᠠᠮ ᠢᠶᠠᠨ ᠲᠠᠭᠠᠵᠤ᠂ ᠨᠠᠮ ᠤᠨ ᠭᠡᠰᠢᠭᠦᠨ ᠺᠠᠳ᠋ᠷᠴᠤᠳ ᠤᠨ ᠨᠠᠮᠴᠢ ᠴᠢᠨᠡᠷ ᠤᠨ ᠭᠡᠪ ᠪᠤᠯᠪᠠᠰᠤᠷᠡᠯ ᠢ ᠲᠠᠰᠤᠷᠡᠯᠳᠡ ᠦᠭᠡᠢ ᠲᠡᠭᠡᠭᠰᠢᠯᠡᠭᠦᠯᠦᠭᠰᠡᠨ ᠪᠠᠶᠢᠨ᠎ᠡ᠃
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号