ᠡᠵᠡᠨ ᠬᠤᠷᠤᠭ᠎ᠠ ᠬᠤᠰᠢᠭᠤᠨ ᠤ 1 ᠊᠊᠊᠊ 5 ᠳ᠋ᠤᠭᠠᠷ ᠰᠠᠷ᠎ᠠ ᠶᠢᠨ ᠡᠩ ᠤᠨ ᠣᠯᠠᠨ ᠨᠡᠶᠢᠲᠡ ᠶᠢᠨ ᠲᠥᠰᠦᠪ ᠎ ᠤᠨ ᠣᠷᠣᠯᠭ᠎ᠠ ᠵᠠᠷᠤᠯᠭ᠎ᠠ ᠶᠢᠨ ᠪᠠᠶᠢᠳᠠᠯ
ᠨᠡᠶᠢᠲᠡᠯᠡᠭᠰᠡᠨ ᠴᠠᠭ᠄
2021/12/23
     1 ᠊᠊᠊᠊ 5 ᠰᠠᠷ᠎ᠠ ᠳᠤ᠂ ᠡᠵᠡᠨ ᠬᠤᠷᠤᠭ᠎ᠠ ᠬᠤᠰᠢᠭᠤᠨ ᠤ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ 29.76 ᠳ᠋ᠦᠩᠰᠢᠭᠤᠷ ᠲᠥᠭᠦᠷᠢᠭ ᠪᠡᠶᠡᠯᠡᠭᠦᠯᠪᠡ᠃ ᠡᠭᠦᠨ ᠳᠤ᠂ ᠭᠠᠶᠢᠯᠢ ᠶᠢᠨ ᠣᠷᠣᠯᠭ᠎ᠠ ᠶᠢ 26.48 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 6.8 %᠎ ᠪᠠᠷ ᠨᠡᠮᠡᠭᠳᠡᠵᠦ᠂ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢᠨ 89 %᠎ ᠶᠢ ᠡᠵᠡᠯᠡᠪᠡ︔ ᠭᠠᠶᠢᠯᠢ ᠶᠢᠨ ᠪᠤᠰᠤ ᠣᠷᠣᠯᠭ᠎ᠠ 3.27 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 36.3 % ᠎ ᠪᠠᠷ ᠨᠡᠮᠡᠭᠳᠡᠵᠦ᠂ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢᠨ 11 %᠎ ᠶᠢ ᠡᠵᠡᠯᠡᠪᠡ  ᠃      1 ᠊᠊᠊᠊ 5 ᠰᠠᠷ᠎ᠠ ᠳᠤ᠂ ᠡᠵᠡᠨ ᠬᠤᠷᠤᠭ᠎ᠠ ᠬᠤᠰᠢᠭᠤᠨ ᠤ ᠡᠩ ᠤᠨ ᠣᠯᠠᠨ ᠨᠡᠶᠢᠲᠡ ᠶᠢᠨ ᠲᠥᠰᠦᠪ ᠤᠨ ᠵᠠᠷᠤᠯᠭ᠎ᠠ 32.49 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 22.4 % ᠎ ᠪᠠᠷ ᠨᠡᠮᠡᠭᠳᠡᠪᠡ᠃ ᠡᠭᠦᠨ ᠳᠤ ᠰᠤᠷᠭᠠᠨ ᠬᠥᠮᠦᠵᠢᠯ ᠤᠨ ᠵᠠᠷᠤᠯᠭ᠎ᠠ ᠶᠢ 2.12 ᠳ᠋ᠦᠩᠰᠢᠭᠤᠷ ᠲᠥᠭᠦᠷᠢᠭ ᠳᠤᠬᠢᠷᠠᠭᠤᠯᠵᠤ᠂ 40.5%᠎ ᠪᠠᠷ ᠪᠠᠭᠤᠷᠠᠪᠠ᠃      ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠬᠢᠭᠡᠳ ᠬᠠᠮ ᠵᠠᠭᠤᠴᠢᠯᠠᠭᠤᠷ ᠤᠨ ᠵᠠᠷᠤᠯᠭ᠎ᠠ 1.1 ᠳ᠋ᠦᠩᠰᠢᠭᠤᠷ ᠲᠥᠭᠦᠷᠢᠭ᠂ 114.9 %᠎ ᠪᠠᠷ ᠨᠡᠮᠡᠭᠳᠡᠪᠡ︔ ᠨᠡᠶᠢᠭᠡᠮ ᠤᠨ ᠪᠠᠲᠤᠯᠠᠭ᠎ᠠ ᠪᠠ ᠠᠵᠢᠯ ᠣᠯᠭᠤᠯᠲᠠ ᠶᠢᠨ ᠵᠠᠷᠤᠯᠭ᠎ᠠ 2.1 ᠳ᠋ᠦᠩᠰᠢᠭᠤᠷ ᠲᠥᠭᠦᠷᠢᠭ᠂ 16.9 %᠎ ᠪᠠᠷ ᠨᠡᠮᠡᠭᠳᠡᠪᠡ︔ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠷᠤᠯᠭ᠎ᠠ 1.11 ᠳ᠋ᠦᠩᠰᠢᠭᠤᠷ ᠲᠥᠭᠦᠷᠢᠭ᠂ 49.2%᠎ ᠢᠶᠠᠷ ᠨᠡᠮᠡᠭᠳᠡᠪᠡ︔ ᠡᠨᠧᠷᠭᠢ ᠠᠷᠪᠢᠯᠠᠵᠤ ᠣᠷᠴᠢᠨ ᠠᠬᠤᠢ ᠶᠢ ᠬᠠᠮᠠᠭᠠᠯᠠᠬᠤ ᠵᠠᠷᠤᠯᠭ᠎ᠠ 7242 ᠲᠦᠮᠡᠨ ᠲᠥᠭᠦᠷᠢᠭ᠂ 524.3 %᠎ ᠪᠠᠷ ᠨᠡᠮᠡᠭᠳᠡᠪᠡ︔ ᠲᠠᠷᠢᠶᠠᠯᠠᠩ ᠣᠢ ᠰᠢᠭᠤᠢ ᠤᠰᠤᠨ ᠠᠰᠢᠭᠯᠠᠯᠲᠠ ᠶᠢᠨ ᠵᠠᠷᠤᠯᠭ᠎ᠠ 9118 ᠲᠦᠮᠡᠨ ᠲᠥᠭᠦᠷᠢᠭ᠂ 40.5 %᠎ ᠪᠠᠷ ᠪᠠᠭᠤᠷᠠᠪᠠ︔ ᠵᠠᠮ ᠬᠠᠷᠢᠯᠴᠠᠭ᠎ᠠ ᠲᠡᠭᠡᠭᠡᠪᠦᠷᠢ ᠶᠢᠨ ᠵᠠᠷᠤᠯᠭ᠎ᠠ 1634 ᠲᠦᠮᠡᠨ ᠲᠥᠭᠦᠷᠢᠭ᠂ 37.7 %᠎ ᠪᠠᠷ ᠪᠠᠭᠤᠷᠠᠪᠠ︔ ᠣᠷᠣᠨ ᠰᠠᠭᠤᠴᠠ ᠶᠢᠨ ᠪᠠᠲᠤᠯᠠᠭ᠎ᠠ ᠶᠢᠨ ᠵᠠᠷᠤᠯᠭ᠎ᠠ 4724 ᠲᠦᠮᠡᠨ ᠲᠥᠭᠦᠷᠢᠭ᠂ 15.4 %᠎ ᠪᠠᠷ ᠪᠠᠭᠤᠷᠠᠪᠠ᠃
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号