ᠣᠶᠤᠲᠠᠳ ᠠᠮᠠᠷᠠᠯᠲᠠ ᠶᠢᠨ ᠬᠤᠭᠤᠴᠠᠭ᠎ᠠ ᠪᠠᠨ ᠤᠳᠬ᠎ᠠ ᠠᠭᠤᠯᠭ᠎ᠠ ᠦᠷ᠎ᠡ ᠦᠭᠬᠦᠭᠡᠵᠢ ᠲᠠᠢ ᠥᠩᠭᠡᠷᠡᠭᠡᠵᠦ ᠪᠠᠶᠢᠬᠤ
ᠨᠡᠶᠢᠲᠡᠯᠡᠭᠰᠡᠨ ᠴᠠᠭ᠄
2021/12/23
     ᠣᠳᠣᠬᠠᠨ ᠳᠤ᠂ ᠤᠶᠤᠲᠠᠳ ᠰᠤᠷᠭᠠᠭᠤᠯᠢ ᠴᠢᠯᠦᠭᠡ ᠲᠠᠯᠪᠢᠯ᠎ᠠ ᠭᠡᠵᠦ ᠵᠦᠭᠡᠷ ᠰᠠᠭᠤᠬᠤ ᠦᠭᠡᠢ ᠪᠣᠯᠵᠤ᠂ ᠬᠠᠷᠢᠨ ᠥᠪᠡᠷ ᠥᠪᠡᠷ ᠤᠨ ᠬᠡᠷᠡᠭᠴᠡᠭᠡ ᠱᠠᠭᠠᠷᠳᠠᠯᠭ᠎ᠠ᠂ ᠨᠥᠬᠦᠴᠡᠯ ᠪᠠᠶᠢᠳᠠᠯ ᠢᠶᠠᠨ ᠥᠨᠳᠦᠰᠦᠯᠡᠨ ᠬᠤᠪᠢ ᠪᠡᠶ᠎ᠡ ᠪᠠᠨ ᠲᠡᠭᠦᠯᠳᠡᠷᠵᠢᠭᠦᠯᠵᠦ᠂ ᠬᠠᠷᠠᠯᠲᠠ ᠲᠤᠳᠤᠷᠬᠠᠢ  ᠴᠢᠷᠮᠠᠶᠢᠵᠤ ᠶᠠᠪᠣᠬᠤ ᠨᠢ  ᠶᠡᠭᠡ ᠪᠠᠭ᠋ᠠᠷᠬᠠᠭᠤᠰᠢᠲᠠᠢ ᠪᠠᠶᠢᠨ᠎ᠠ᠃      ᠤᠳᠠᠵᠤ ᠲᠦᠳᠡᠯ ᠦᠭᠡᠢ ᠥᠪᠡᠷ ᠤᠨ ᠬᠦᠰᠡᠵᠦ ᠰᠠᠨᠠᠭᠰᠠᠨ ᠠᠵᠢᠯ ᠳᠤ ᠪᠠᠨ ᠭᠠᠷᠬᠤ ᠶᠢᠨ ᠲᠥᠯᠦᠭᠡ ᠴᠢᠯᠦᠭᠡᠨ ᠬᠤᠭᠤᠴᠠᠭ᠎ᠠ ᠪᠠᠨ ᠠᠰᠢᠭᠯᠠᠨ᠂ ᠮᠡᠷᠭᠡᠵᠢᠯ ᠲᠤᠷᠰᠢᠯᠭ᠎ᠠ ᠪᠠᠨ ᠳᠡᠭᠡᠭᠰᠢᠯᠡᠭᠦᠯᠦᠨ ᠶᠠᠭᠠᠷᠠᠵᠤ ᠶᠠᠪᠤᠭ᠎ᠠ ᠤᠶᠤᠲᠠᠨ ᠮᠤᠩ ᠦᠭᠡᠢ ᠣᠯᠠᠨ‌‍ᠪᠣᠯᠵᠤ᠂ ᠰᠢᠨᠵᠢᠶᠠᠩ ᠤᠨ ᠶᠡᠭᠡ ᠰᠤᠷᠭᠠᠭᠤᠯᠢ ᠳᠤ ᠵᠠᠷ ᠮᠡᠳᠡᠭᠡᠨ ᠤ ᠤᠬᠠᠭᠠᠨ ᠤ ᠮᠡᠷᠭᠡᠵᠢᠯ ᠢᠶᠠᠷ ᠰᠤᠷᠤᠯᠴᠠᠵᠤ ᠪᠠᠶᠢᠭ᠎ᠠ ᠤᠶᠤᠲᠠᠨ ᠢᠷᠭᠤᠢ ᠴᠢᠯᠦᠭᠡᠨ ᠬᠤᠭᠤᠴᠠᠭᠠᠨ ᠳᠤ ᠪᠠᠨ ᠮᠠᠨ ᠤ ᠬᠤᠰᠢᠭᠤᠨ ᠤ ᠬᠠᠮ ᠵᠠᠭᠤᠴᠢᠯᠠᠭᠤᠷ ᠤᠨ ᠲᠥᠪ ᠲᠤ ᠢᠷᠡᠵᠦ ᠳᠠᠳᠤᠯᠭ᠎ᠠ ᠬᠢᠨ ᠮᠣᠩᠭᠠᠨᠢᠵᠤ ᠪᠠᠶᠢᠨ᠎ᠠ᠃      ᠣᠶᠤᠲᠠᠨ ᠢᠷᠭᠤᠢ᠄ ︽ᠬᠦᠮᠦᠰ ᠵᠣᠨ ᠤ ᠠᠮᠠᠷᠠᠯᠲᠠ ᠶᠢᠨ ᠬᠤᠭᠤᠴᠠᠭ᠎ᠠ ᠪᠠᠨ ᠠᠰᠢᠭᠯᠠᠨ ᠭᠠᠳᠠᠨ᠎ᠠ ᠭᠠᠷᠤᠭᠠᠳ ᠵᠤᠭᠤᠰ ᠮᠥᠩᠭᠦ ᠣᠯᠵᠤ ᠪᠠᠶᠢᠨ᠎ᠠ᠂ ᠬᠥᠳᠡᠭᠡ ᠳᠤ ᠪᠠᠨ ᠬᠠᠷᠢᠭᠠᠳ ᠠᠪᠤ ᠡᠵᠢ ᠪᠠᠨ ᠬᠠᠪᠰᠤᠷᠤᠭᠠᠳ ᠭᠡᠷ ᠤᠨ ᠠᠵᠢᠯ ᠢᠶᠠᠨ ᠬᠢᠵᠦ ᠪᠠᠶᠢᠨ᠎ᠠ᠂ ᠪᠢ ᠡᠵᠡᠨ ᠬᠤᠷᠤᠭ᠎ᠠ ᠬᠤᠰᠢᠭᠤᠨ ᠤ ᠬᠠᠮ ᠵᠠᠭᠤᠴᠢᠯᠠᠭᠤᠷ ᠤᠨ ᠲᠥᠪ ᠲᠤ ᠢᠷᠡᠭᠡᠳ ᠳᠠᠳᠤᠯᠭ᠎ᠠ ᠬᠢᠵᠦ ᠪᠠᠶᠢᠨ᠎ᠠ᠃ ᠠᠳᠡ ᠢᠷᠡᠵᠦ ᠳᠠᠳᠤᠯᠭ᠎ᠠ ᠬᠢᠭᠰᠡᠨ ᠤ ᠤᠴᠢᠷ ᠪᠣᠯ ᠰᠤᠷᠭᠠᠭᠤᠯᠢ ᠳᠡᠭᠡᠷ᠎ᠡ ᠰᠤᠷᠤᠭᠰᠠᠨ ᠮᠡᠳᠡᠯᠭᠡ ᠂ ᠣᠨᠤᠯ ᠢᠶᠠᠨ ᠠᠳᠡ ᠦᠢᠯᠡᠳᠦᠯᠭᠡᠵᠢᠭᠦᠯᠵᠦ᠂ ᠰᠤᠷᠤᠭᠰᠠᠨ ᠢᠶᠠᠨ ᠪᠠᠲᠤᠳᠬᠠᠵᠤ ᠪᠠᠶᠢᠭ᠎ᠠ ᠤᠬᠠᠭᠠᠨ ᠲᠠᠢ᠂ ᠠᠬ᠎ᠠ ᠡᠭᠡᠴᠢ ᠨᠠᠷ ᠲᠠᠢ ᠪᠠᠨ ᠬᠠᠮᠲᠤ ᠠᠵᠢᠯᠯᠠᠭᠠᠳ ᠬᠤᠶᠠᠷ ᠭᠠᠷᠠᠭ ᠥᠩᠭᠡᠷᠡᠵᠦ ᠪᠠᠶᠢᠨ᠎ᠠ᠂ ᠰᠤᠷᠭᠠᠭᠤᠯᠢ ᠳᠡᠭᠡᠷ᠎ᠡ ᠣᠯᠵᠤ ᠰᠤᠷᠤᠭ᠎ᠠ ᠦᠭᠡᠢ ᠤᠯᠠᠨ ᠶᠠᠭᠤᠮ᠎ᠠ ᠰᠤᠷᠴᠤ ᠠᠪᠤᠯ᠎ᠠ᠂ ᠬᠤᠵᠢᠮ ᠪᠢ ᠨᠢᠭᠡ ᠲᠤᠮᠤ ᠬᠡᠯᠪᠡᠷᠢ ᠶᠢᠨ ᠵᠠᠷ ᠮᠡᠳᠡᠭᠡᠨ ᠤ ᠺᠤᠮᠫᠠᠨᠢ ᠳᠤ ᠠᠵᠢᠯᠯᠠᠬᠤ ᠰᠠᠨᠠᠭ᠎ᠠ ᠲᠠᠢ᠂ ᠠᠳᠡ ᠳᠠᠳᠤᠯᠭ᠎ᠠ ᠬᠢᠬᠦ ᠨᠢ ᠮᠢᠨᠦ ᠬᠤᠵᠢᠮ ᠤᠨ ᠬᠦᠰᠡᠯ ᠢᠶᠠᠨ ᠪᠡᠶᠡᠯᠡᠭᠦᠯᠬᠦ ᠳᠤ ᠰᠠᠭᠤᠷᠢ ᠪᠣᠯᠬᠤ ᠪᠤᠯᠤᠨ᠎ᠠ᠃︾      ᠡᠨᠡ ᠵᠢᠯ ᠥᠪᠥᠷ ᠮᠣᠩᠭᠤᠯ ᠤᠨ ᠡᠳ᠋ ᠤᠨ ᠵᠠᠰᠠᠭ ᠤᠨ ᠶᠡᠭᠡ ᠰᠤᠷᠭᠠᠭᠤᠯᠢ ᠠᠴᠠ ᠲᠡᠭᠦᠰᠦᠭᠰᠡᠨ ᠰᠦᠯᠳᠡ ᠮᠸᠢ ᠲᠤᠸᠠᠨ ᠺᠣᠮᠫᠠᠨᠢ ᠳᠤ ᠲᠦᠷᠭᠡᠨ ᠬᠦᠷᠭᠡᠭᠴᠢ ᠶᠢᠨ ᠠᠵᠢᠯ ᠬᠢᠵᠦ᠂ ᠥᠪᠡᠷ ᠤᠨ ᠬᠦᠴᠦ ᠬᠥᠳᠡᠯᠮᠦᠷᠢ ᠪᠠᠷ ᠢᠶᠠᠨ ᠵᠣᠭᠤᠰ ᠮᠥᠩᠭᠦ ᠣᠯᠵᠤ᠂ ᠠᠪᠤ ᠡᠵᠢ ᠶᠢᠨ ᠢᠶᠠᠨ ᠳᠠᠷᠤᠭᠠᠰᠤ ᠶᠢ ᠬᠥᠩᠭᠡᠯᠡᠵᠦ ᠪᠠᠶᠢᠨ᠎ᠠ᠃      ᠣᠶᠤᠲᠠᠨ ᠰᠦᠯᠳᠠ᠄ ︽ᠪᠢ ᠰᠠᠶ᠋ᠢ ᠶᠡᠭᠡ ᠰᠤᠷᠭᠠᠭᠤᠯᠢ ᠲᠡᠭᠦᠰᠬᠡᠵᠦ ᠪᠠᠶᠢᠨ᠎ᠠ᠂ ᠠᠵᠢᠯ ᠢᠶᠠᠨ ᠴᠤ ᠣᠯᠴᠢᠬᠠᠭᠰᠠᠨ᠂  ᠭᠡᠲᠡᠯ᠎ᠡ ᠺᠤᠮᠫᠠᠨᠢ ᠳᠡᠭᠡᠭᠰᠢ ᠮᠡᠳᠡᠭᠦᠯᠬᠦ ᠳᠤ ᠪᠠᠰᠠ ᠨᠡᠯᠢᠶᠠᠳ ᠴᠠᠭ ᠵᠠᠷᠤᠴᠠᠭᠤᠯᠤᠨ᠎ᠠ᠂ ᠲᠡᠭᠡᠭᠡᠳ ᠡᠨᠡ ᠬᠤᠭᠤᠷᠤᠳᠤ ᠪᠢ ᠲᠦᠷᠭᠡᠨ ᠬᠦᠷᠭᠡᠬᠦ ᠺᠤᠮᠫᠠᠨᠢ ᠳᠤ ᠢᠷᠡᠵᠦ ᠨᠡᠶᠢᠭᠡᠮ ᠤᠨ ᠲᠤᠷᠰᠢᠯᠭ᠎ᠠ᠂ ᠪᠠᠰᠠ ᠪᠠᠭ᠎ᠠ ᠰᠠᠭ᠎ᠠ ᠵᠠᠷᠤᠳᠠᠯ ᠮᠥᠩᠭᠦ ᠣᠯᠬᠤ ᠪᠠᠷ ᠢᠷᠡᠵᠡᠢ᠂ ᠡᠳᠡᠨ ᠤ ᠬᠢᠨ ᠶᠡᠭᠡ ᠰᠤᠷᠭᠠᠭᠤᠯᠢ ᠶᠢᠨ ᠰᠤᠷᠤᠭᠴᠢ ᠳᠤ ᠥᠭᠬᠦ ᠬᠦᠯᠦᠰᠦ ᠮᠥᠩᠭᠦ ᠨᠢ ᠨᠡᠯᠢᠶᠡᠳ ᠥᠨᠳᠦᠷ᠂ ᠡᠨᠡ ᠠᠵᠢᠯ ᠬᠢᠬᠦ ᠳᠤ ᠭᠠᠵᠠᠷ ᠰᠠᠶᠢᠨ ᠲᠠᠨᠢᠬᠤ ᠬᠡᠷᠡᠭᠲᠡᠢ᠂ ᠪᠢ ᠶᠠᠭ ᠠᠳᠡᠬᠢ ᠶᠢᠨ ᠬᠦᠮᠦᠨ᠂ ᠲᠡᠭᠡᠬᠦᠯᠡᠷ ᠪᠤᠰᠤᠳ ᠬᠦᠮᠦᠨ ᠢ ᠪᠤᠳᠤᠪᠠᠯ ᠳᠠᠪᠠᠭᠤ ᠲᠠᠯ᠎ᠠ ᠲᠠᠢ᠃︾      ᠴᠢᠯᠦᠭᠡᠨ ᠬᠤᠭᠤᠴᠠᠭᠠᠨ ᠳᠤ ᠪᠠᠨ ᠵᠣᠬᠢᠰᠲᠠᠢ ᠠᠮᠠᠷᠠᠵᠤ ᠰᠡᠯᠡᠭᠦᠴᠡᠬᠦ ᠶᠢᠨ ᠳᠠᠭᠠᠦ ᠴᠠᠭ ᠢᠶᠠᠨ ᠰᠠᠶᠢᠨ ᠠᠰᠢᠭᠯᠠᠬᠤ ᠨᠢ ᠴᠢᠬᠤᠯᠠ ᠪᠠᠶᠢᠳᠠᠭ᠂ ᠨᠠᠮᠤᠷ ᠠᠴᠠ ᠤᠶᠤᠳᠠᠨ ᠠᠮᠢᠳᠤᠷᠠᠯ ᠢᠶᠠᠨ ᠡᠬᠢᠯᠡᠭᠦᠯᠬᠦ ᠭᠡᠵᠦ ᠪᠠᠶᠢᠭ᠎ᠠ ᠳᠡᠭᠦᠯᠢᠯ ᠨᠡᠶᠢᠵᠠ ᠲᠠᠢ ᠪᠠᠨ ᠬᠠᠮᠲᠤ ᠵᠢᠯᠣᠭᠤᠴᠢ ᠶᠢᠨ ᠦᠨᠡᠮᠯᠡᠯ ᠢᠶᠠᠨ ᠰᠢᠯᠭᠠᠵᠤ ᠠᠪᠬᠤ ᠪᠠᠷ ᠦᠳᠡ ᠬᠠᠯᠠᠭᠤᠨ ᠦᠭᠡᠢ ᠪᠣᠯᠪᠠᠰᠤᠷᠠᠵᠤ ᠪᠠᠶᠢᠯ᠎ᠠ᠃      ᠣᠶᠤᠲᠠᠨ ᠳᠡᠭᠦᠯᠢᠯ᠄ ︽ᠳᠥᠩᠭᠡᠵᠢ ᠳᠡᠭᠡᠳᠦ ᠳᠤᠮᠳᠠᠳᠤ ᠪᠠᠨ ᠲᠡᠭᠦᠰᠬᠡᠵᠦ ᠪᠠᠶᠢᠨ᠎ᠠ᠂ ᠡᠨᠡ ᠴᠢᠯᠦᠭᠡᠨ ᠤ ᠬᠤᠭᠤᠴᠠᠭ᠎ᠠ ᠪᠣᠯ ᠬᠠᠮᠤᠭ ᠤᠨ ᠤᠷᠲᠤ ᠬᠤᠭᠤᠴᠠᠭ᠎ᠠ ᠪᠣᠯᠣᠨ᠎ᠠ᠂ ᠠᠷᠪᠠᠨ ᠨᠠᠢᠮᠠᠨ ᠨᠠᠰᠤ ᠴᠤ ᠬᠦᠷᠴᠢᠬᠡᠯ᠎ᠡ᠂ ᠲᠡᠭᠡᠭᠡᠳ ᠬᠤᠷᠳᠤᠨ ᠲᠡᠷᠭᠡᠨ ᠤ ᠦᠨᠡᠮᠯᠡᠯ ᠢᠶᠠᠨ ᠠᠪᠤᠶ᠎ᠠ ᠭᠡᠳ ᠠᠳᠡ ᠰᠤᠷᠬᠤ ᠪᠠᠷ ᠢᠷᠡᠵᠡᠢ᠂ ᠣᠳᠤ ᠬᠤᠶᠠᠳᠤᠭᠠᠷ ᠲᠥᠷᠦᠯ ᠢᠶᠠᠨ ᠰᠢᠯᠭᠠᠬᠤ ᠪᠠᠷ ᠪᠡᠯᠡᠳᠬᠡᠵᠦ ᠪᠠᠶᠢᠨ᠎ᠠ᠃︾
 
ᠢᠷᠡᠯᠲᠡ᠄ ᠡᠵᠡᠨ ᠬᠤᠷᠤᠭ᠎ᠠ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号