︽ᠬᠤᠲᠠ ᠶᠢᠨ ᠬᠠᠮᠢᠶᠠᠷᠤᠯᠲᠠ ᠶᠢᠨ ᠬᠥᠬᠡ ᠴᠡᠷᠢᠭ︾᠎ ᠨᠢ ᠥᠩᠭᠡ ᠪᠤᠳᠤᠭ ᠨᠡᠮᠡᠷᠢᠯᠡᠵᠦ ᠪᠣᠯᠪᠠᠰᠤᠨ ᠤ ᠥᠩᠭᠡ ᠪᠤᠳᠤᠭ ᠨᠢ ᠨᠠᠩ ᠭᠢᠯᠠᠯᠵᠠᠨ᠎ᠠ
ᠨᠡᠶᠢᠲᠡᠯᠡᠭᠰᠡᠨ ᠴᠠᠭ᠄
2021/12/23
     ᠪᠤᠯᠪᠠᠰᠤᠨ ᠬᠤᠲᠠ ᠶᠢ ᠡᠬᠦᠳᠤᠨ ᠪᠠᠶᠢᠭᠤᠯᠬᠤ ᠠᠵᠢᠯ ᠢ ᠥᠷᠨᠢᠭᠦᠯᠦᠭᠰᠡᠨ ᠠᠴᠠ ᠨᠠᠰᠢ᠂ ᠡᠵᠡᠨ ᠬᠤᠷᠤᠭ᠎ᠠ ᠬᠤᠰᠢᠭᠤᠨ ᠤ ᠬᠤᠲᠠ ᠶᠢᠨ ᠬᠠᠮᠢᠶᠠᠷᠤᠯᠲᠠ ᠶᠢᠨ ᠲᠣᠪᠴᠢᠶ᠎ᠠ ᠨᠢ ᠬᠠᠮᠢᠶᠠᠷᠤᠯᠲᠠ ᠶᠢ ᠨᠠᠷᠢᠯᠢᠬᠵᠢᠭᠤᠯᠬᠤ᠂ ᠬᠠᠤᠯᠢ ᠬᠡᠷᠡᠭᠵᠢᠭᠦᠯᠦᠯᠲᠡ ᠶᠢ ᠵᠢᠷᠤᠮᠵᠢᠭᠤᠯᠬᠤ᠂ ᠤᠶᠢᠯᠡᠴᠢᠯᠡᠭᠡ ᠶᠢ ᠬᠥᠮᠦᠨᠴᠢᠯᠡᠬᠦ ᠪᠠᠷ ᠬᠠᠷᠠᠯᠲᠠ ᠪᠣᠯᠭᠠᠬᠤ ᠶᠢ ᠪᠠᠷᠢᠮᠲᠠᠯᠠᠵᠤ ᠂ ᠡᠳᠦᠷ ᠲᠤᠲᠤᠮ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠤᠨ ᠳᠤᠮᠳᠠ᠂ ᠨᠠᠷᠢᠨ ᠵᠤᠶᠢᠯᠡᠰ ᠠᠴᠠ ᠡᠬᠢᠯᠡᠨ ᠠᠳᠬᠤᠵᠤ᠂ ᠳᠡᠷᠭᠡᠳᠡᠬᠢ ᠵᠢᠵᠢᠭ ᠰᠠᠵᠢᠭ ᠶᠠᠪᠤᠳᠠᠯ ᠠᠴᠠ ᠡᠬᠢᠯᠡᠨ ᠬᠢᠵᠦ᠂ ︽ᠬᠤᠲᠠ ᠶᠢᠨ ᠬᠠᠮᠢᠶᠠᠷᠤᠯᠲᠠ ᠶᠢᠨ ᠬᠥᠬᠡ ᠴᠡᠷᠢᠭ︾᠎ ᠎ ᠨᠢ ᠪᠣᠯᠪᠠᠰᠤᠨ ᠢᠶᠠᠷ ᠬᠤᠲᠠ ᠶᠢ ᠡᠬᠦᠳᠤᠨ ᠪᠠᠶᠢᠭᠤᠯᠬᠤ ᠲᠤᠮᠳᠠ ᠨᠢᠭᠡᠨ ᠦᠵᠡᠰᠬᠦᠯᠡᠩᠲᠦ ᠰᠠᠶᠢᠬᠠᠨ ᠦᠵᠡᠮᠵᠢ ᠪᠤᠯᠪᠠ᠃      ᠡᠵᠡᠨ ᠬᠤᠷᠤᠭ᠎ᠠ ᠬᠤᠰᠢᠭᠤᠨ ᠤ ᠬᠤᠲᠠ ᠶᠢᠨ ᠬᠠᠮᠢᠶᠠᠷᠤᠯᠲᠠ ᠶᠢᠨ ᠲᠤᠪᠴᠢᠶᠠᠨ ᠤ ᠠᠵᠢᠯᠳᠠᠨ ᠰᠤᠷᠭᠠᠭᠤᠯᠢ ᠲᠠᠷᠬᠠᠬᠤ ᠦᠶ᠎ᠡ ᠳᠤ ᠰᠤᠷᠭᠠᠭᠤᠯᠢ ᠶᠢᠨ ᠡᠷᠬᠢᠨ ᠲᠣᠭᠤᠷᠢᠨ ᠤ ᠡᠯ᠎ᠡ ᠲᠥᠷᠥᠯ ᠤᠨ ᠨᠡᠭᠦᠳᠡᠯ ᠮᠠᠶᠢᠮᠠᠶ ᠵᠠᠮ ᠡᠵᠡᠯᠡᠨ ᠡᠵᠡᠩᠨᠡᠵᠦ᠂ ᠠᠳᠠᠯᠢ ᠪᠤᠰᠤ ᠬᠡᠮᠵᠢᠶ᠎ᠡ ᠪᠠᠷ ᠵᠠᠮ ᠲᠦᠭᠵᠢᠬᠦᠷᠡᠬᠦᠯᠦᠨ᠂ ᠣᠷᠴᠢᠨ ᠲᠣᠭᠤᠷᠢᠨ ᠢ ᠪᠣᠬᠢᠷᠲᠤᠭᠤᠯᠤᠭᠰᠠᠨ ᠵᠢᠴᠢ ᠢᠳᠡᠭᠡᠨ ᠤ ᠡᠷᠡᠭᠦᠯ ᠬᠠᠮᠠᠭᠠᠯᠠᠯ ᠤᠨ ᠠᠮᠤᠷ ᠲᠦᠪᠰᠢᠨ ᠵᠡᠷᠭᠡ ᠠᠰᠠᠭᠤᠳᠠᠯ ᠳᠤ ᠴᠢᠭᠯᠡᠭᠦᠯᠦᠨ᠂ ᠡᠵᠡᠨ ᠬᠤᠷᠤᠭ᠎ᠠ ᠬᠤᠰᠢᠭᠤᠨ ᠤ ᠬᠤᠲᠠ ᠶᠢᠨ ᠬᠠᠮᠢᠶᠠᠷᠤᠯᠲᠠ ᠶᠢᠨ ᠲᠣᠪᠴᠢᠶ᠎ᠠ ᠣᠯᠠᠨ ᠵᠤᠶᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠵᠦ᠂ ᠰᠤᠷᠭᠠᠭᠤᠯᠢ ᠶᠢᠨ ᠡᠷᠬᠢᠨ ᠲᠣᠭᠤᠷᠢᠨ ᠤ ᠬᠤᠲᠠ ᠶᠢᠨ ᠳᠦᠷᠢ ᠲᠥᠷᠬᠦ ᠶᠢᠨ ᠣᠷᠴᠢᠨ ᠲᠣᠭᠤᠷᠢᠨ ᠢ ᠴᠡᠭᠴᠡᠯᠡᠨ ᠵᠠᠰᠠᠵᠤ᠂ ᠰᠤᠷᠭᠠᠭᠤᠯᠢ ᠶᠢᠨ ᠡᠷᠬᠢᠨ ᠲᠣᠭᠤᠷᠢᠨ ᠤ ᠵᠢᠷᠤᠮᠵᠢᠭᠤᠨ ᠪᠤᠰᠤ ᠡᠵᠡᠩᠨᠡᠯᠲᠡ ᠶᠢᠨ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠤᠷᠢᠯᠡᠵᠦ᠂ ᠬᠡᠪ ᠰᠤᠷᠲᠠᠯ ᠲᠥᠪ ᠴᠢᠬᠡᠴᠢ᠂ ᠡᠷᠡᠭᠦᠯ ᠪᠥᠭᠡᠳ ᠡᠮᠬᠢ ᠵᠢᠷᠤᠮ ᠲᠠᠢ ᠰᠤᠷᠭᠠᠭᠤᠯᠢ ᠶᠢᠨ ᠡᠷᠬᠢᠨ ᠲᠣᠭᠤᠷᠢᠨ ᠤ ᠣᠷᠴᠢᠨ ᠲᠣᠭᠤᠷᠢᠨ ᠢ ᠪᠣᠶ ᠪᠤᠯᠭᠠᠭᠰᠠᠨ ᠪᠠᠶᠢᠨ᠎ᠠ᠃      ᠦᠨᠡᠨ ᠳᠡᠭᠡᠨ᠂ ᠡᠨᠡ ᠪᠣᠯ ᠵᠥᠪᠬᠡᠨ ᠡᠵᠡᠨ ᠬᠤᠷᠤᠭ᠎ᠠ ᠬᠤᠰᠢᠭᠤᠨ ᠤ ᠬᠤᠲᠠ ᠶᠢᠨ ᠬᠠᠮᠢᠶᠠᠷᠤᠯᠲᠠ ᠶᠢᠨ ᠲᠣᠪᠴᠢᠶ᠎ᠠ ᠶᠢᠨ ᠬᠠᠤᠯᠢ ᠬᠡᠷᠡᠭᠵᠢᠭᠦᠯᠬᠦ ᠠᠵᠢᠯᠲᠠᠨ ᠤ ᠠᠵᠢᠯ ᠤᠨ ᠬᠤᠷᠢᠶᠠᠩᠭᠤᠢ ᠳᠦᠷᠰᠦ ᠪᠣᠯᠤᠨ᠎ᠠ᠃ ᠬᠤᠲᠠ ᠶᠢᠨ ᠬᠠᠮᠢᠶᠠᠷᠤᠯᠲᠠ ᠨᠢ ᠨᠢᠭᠡ ᠯᠡ ᠠᠵᠢᠯ ᠪᠢᠰᠢ᠂ ᠬᠠᠷᠢᠨ ᠨᠢᠭᠡ ᠬᠤᠪᠢ ᠬᠠᠷᠢᠭᠤᠴᠠᠯᠭ᠎ᠠ ᠮᠥᠨ᠃ ᠲᠦᠷᠢᠮᠵᠢᠭᠰᠡᠨ ᠡᠮᠬᠢ ᠴᠡᠭᠴᠡ ᠲᠠᠢ ᠬᠤᠲᠠ ᠶᠢᠨ ᠳᠦᠷᠢ ᠲᠥᠷᠬᠦ᠂ ᠴᠡᠪᠡᠷ ᠴᠡᠮᠴᠡᠭᠡᠷ ᠬᠤᠲᠠ ᠶᠢᠨ ᠵᠠᠮ ᠨᠢ ᠬᠤᠲᠠ ᠶᠢᠨ ᠬᠠᠮᠢᠶᠠᠷᠤᠯᠲᠠ ᠶᠢᠨ ᠠᠵᠢᠯᠴᠢᠨ ᠤ ᠡᠳᠤᠷ ᠰᠦᠨᠢ ᠶᠢ ᠢᠯᠭᠠᠯ ᠦᠭᠡᠢ᠂ ᠰᠠᠯᠬᠢ ᠪᠤᠷᠤᠭᠠᠨ ᠢ ᠬᠠᠶᠢᠬᠤᠷᠤᠯ ᠦᠭᠡᠢ ᠰᠢᠷᠭᠠᠭᠤ ᠠᠵᠢᠯᠯᠠᠭᠰᠠᠨ ᠠᠴᠠ ᠰᠠᠯᠵᠤ ᠴᠢᠳᠠᠬᠤ ᠦᠭᠡᠶ ᠶᠤᠮ᠃      ᠣᠶᠢᠯᠠᠭᠠᠭᠰᠠᠨ ᠢᠶᠠᠷ᠂ ᠪᠤᠯᠪᠠᠰᠤᠨ ᠬᠤᠳᠠ ᠶᠢ ᠡᠬᠦᠳᠤᠨ ᠪᠠᠶᠢᠭᠤᠯᠬᠤ ᠠᠵᠢᠯ ᠢ ᠥᠷᠨᠢᠭᠦᠯᠦᠭᠰᠡᠨ ᠠᠴᠠ ᠨᠠᠰᠢ ᠂ ᠡᠵᠡᠨ ᠬᠤᠷᠤᠭ᠎ᠠ ᠬᠤᠰᠢᠭᠤᠨ ᠤ ᠬᠤᠲᠠ ᠶᠢᠨ ᠬᠠᠮᠢᠶᠠᠷᠤᠯᠲᠠ ᠶᠢᠨ ᠲᠣᠪᠴᠢᠶ᠎ᠠ ᠡᠳᠦᠷ ᠲᠤᠲᠤᠮ ᠤᠨ ᠠᠵᠢᠯ ᠠᠴᠠ ᠭᠠᠷᠳᠠᠵᠤ᠂ ᠨᠠᠷᠢᠨ ᠵᠤᠶᠢᠯᠡᠰ ᠲᠡᠭᠡᠷ᠎ᠡ ᠰᠢᠪᠲᠤᠯᠤᠯᠲᠠ ᠬᠢᠵᠦ᠂ ᠠᠷᠠᠳ ᠤᠨ ᠠᠮᠢᠳᠤᠷᠠᠯ ᠤᠨ ᠠᠵᠠ ᠵᠢᠷᠭᠠᠯ ᠢ ᠳᠡᠭᠡᠭᠰᠢᠯᠡᠭᠦᠯᠬᠦ ᠶᠢᠨ ᠲᠣᠭᠤᠷᠢᠨ ᠳᠤ᠂ ᠣᠷᠴᠢᠨ ᠲᠣᠭᠤᠷᠢᠨ ᠪᠤᠵᠠᠷ ᠡᠷᠤᠢ ᠬᠤᠷᠤᠢ ᠦᠭᠡᠢ ᠪᠠᠶᠢᠬᠤ᠂ ᠵᠢᠷᠤᠮᠵᠢᠯ ᠥᠬᠡᠶ ᠪᠠᠷ ᠲᠡᠷᠭᠡ ᠵᠤᠭᠰᠤᠭᠠᠬᠤ᠂ ᠪᠥᠲᠥᠭᠡᠨ ᠪᠠᠶᠢᠭᠤᠯᠤᠯᠲᠠ ᠨᠢ ᠡᠮᠬᠢ ᠳᠢᠭᠯᠢᠮ ᠥᠬᠡᠶ ᠪᠠᠶᠢᠬᠤ ᠵᠡᠷᠭᠡ ᠭᠤᠤᠯᠳᠠᠯᠭ᠎ᠠ ᠲᠠᠢ ᠬᠦᠴᠢᠷ ᠠᠰᠠᠭᠤᠳᠠᠯ ᠳᠤ ᠠᠩᠬᠠᠷᠤᠯ ᠢᠶᠠᠨ ᠲᠦᠪᠯᠡᠷᠡᠬᠦᠯᠦᠨ᠂ ᠬᠤᠲᠠ ᠶᠢᠨ ︽ᠵᠥᠭᠡᠭᠡᠪᠦᠷᠢ ᠶᠢᠨ ᠠᠵᠢᠯᠴᠢᠨ︾ ᠪᠣᠯᠵᠣ᠂ ᠭᠤᠤᠯ ᠳᠡᠳ᠋ ᠵᠠᠮ ᠤᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠵᠤ᠂ ᠡᠯ᠎ᠡ ᠵᠡᠭᠡᠯᠢ ᠭᠤᠳᠤᠮᠵᠢ ᠶᠢ ᠴᠡᠪᠡᠷᠯᠡᠬᠦ ᠪᠠᠨ ᠴᠢᠩᠭᠠᠳᠬᠠᠨ᠂ ᠬᠤᠲᠠ ᠶᠢᠨ ︽ᠥᠩᠭᠡᠯᠡᠭᠴᠢ︾ ᠪᠣᠯᠵᠣ᠂ ︽ᠭᠤᠷᠪᠠᠨ ᠳᠤᠷ᠎ᠠ ᠪᠠᠷ ᠢᠶᠠᠨ︾ ᠨᠠᠭᠠᠭᠰᠠᠨ ᠵᠠᠷ ᠮᠡᠳᠡᠭᠡ ᠶᠢ ᠪᠦᠬᠦᠨ ᠢ ᠴᠡᠪᠡᠷᠯᠡᠨ᠂ ᠬᠤᠲᠠ ᠶᠢᠨ ︽ᠵᠢᠰᠦ ᠭᠤᠶᠣᠯᠠᠭᠴᠢ︾ ᠪᠣᠯᠵᠣ᠂ ᠭᠠᠳᠠᠨᠠᠬᠢ ᠵᠠᠷ ᠮᠡᠳᠡᠭᠡᠨ ᠤ ᠫᠠᠶᠢᠰᠠ ᠢᠯᠡᠷᠬᠡᠶᠢᠯᠡᠯ ᠤᠨ ᠲᠣᠬᠢᠷᠠᠭᠤᠯᠤᠯᠲᠠ ᠶᠢ ᠵᠢᠷᠤᠮᠵᠢᠭᠤᠯᠤᠨ᠂ ᠬᠤᠲᠠ ᠶᠢᠨ ︽ᠰᠠᠬᠢᠨ ᠪᠠᠷᠠᠯᠠᠭᠴᠢ︾ ᠪᠣᠯᠵᠤ᠂ ᠪᠦᠲᠦᠭᠡᠨ ᠪᠠᠶᠢᠭᠤᠯᠤᠯᠲᠠ ᠶᠢᠨ ᠡᠮᠬᠢ ᠳᠢᠭᠯᠢᠮ ᠢ ᠵᠢᠷᠤᠮᠵᠢᠭᠤᠯᠤᠨ᠂ ᠬᠤᠲᠠ ᠶᠢᠨ ︽ᠠᠮᠤᠷ ᠢ ᠬᠠᠮᠠᠭᠠᠯᠠᠭᠴᠢ︾ ᠪᠣᠯᠵᠣ᠂ ᠲᠡᠨᠦᠭᠦᠯ ᠨᠣᠬᠠᠶ ᠶᠢ ᠪᠠᠷᠢᠵᠤ ᠬᠤᠷᠢᠶᠠᠮᠵᠢᠯᠠᠨ᠂ ᠪᠣᠯᠪᠠᠰᠤᠨ ᠢᠶᠠᠷ ᠨᠣᠬᠠᠶ ᠲᠡᠵᠢᠭᠡᠬᠦ ᠰᠢᠨ᠎ᠡ ᠣᠶᠢᠯᠠᠭᠠᠭᠳᠠᠬᠤᠨ ᠢ  ᠰᠠᠨᠠᠭᠠᠴᠢᠯᠠᠵᠤ᠂ ᠬᠠᠮᠢᠶᠠᠷᠤᠯᠲᠠ ᠪᠠᠨ ᠴᠢᠩᠭᠠᠳᠬᠠᠨ᠂ ︽ᠵᠡᠭᠡᠯᠢ ᠭᠤᠳᠤᠮᠵᠢ ᠴᠡᠪᠡᠷ ᠴᠡᠮᠴᠡᠭᠡᠷ᠂ ᠵᠠᠮ ᠨᠡᠪᠳᠡᠷᠡᠯᠭᠡ ᠰᠠᠷᠠᠭᠤᠯ ᠲᠠᠷᠳᠠᠩ ᠂ ᠬᠤᠲᠠ ᠪᠠᠯᠭᠠᠰᠤ ᠭᠤᠶᠣ ᠰᠠᠶᠢᠬᠠᠨ︾ ᠪᠣᠯᠪᠠᠰᠤᠨ ᠤ ᠬᠠᠭᠤᠳᠠᠰᠤ ᠶᠢ ᠵᠢᠷᠤᠭᠯᠠᠪᠠ᠃   ᠡᠳᠦᠷ ᠲᠤᠲᠤᠮ ᠤᠨ ᠠᠵᠢᠯ ᠤᠨ ᠳᠤᠮᠳᠠ᠂ ᠡᠵᠡᠨ ᠬᠤᠷᠤᠭ᠎ᠠ ᠬᠤᠰᠢᠭᠤᠨ ᠤ ᠬᠤᠲᠠ ᠶᠢᠨ ᠬᠠᠮᠢᠶᠠᠷᠤᠯᠲᠠ ᠶᠢᠨ ᠲᠣᠪᠴᠢᠶ᠎ᠠ ᠤᠬᠠᠭᠤᠯᠬᠤ᠂ ᠤᠶᠢᠯᠡᠴᠢᠯᠡᠬᠦ᠂ ᠬᠠᠮᠢᠶᠠᠷᠬᠤ᠂ ᠵᠢᠷᠤᠮᠵᠢᠭᠤᠯᠬᠤ ᠠᠷᠭ᠎ᠠ ᠬᠡᠯᠪᠡᠷᠢ ᠶᠢ ᠠᠪᠴᠤ᠂ ᠤᠬᠠᠭᠤᠯᠭ᠎ᠠ ᠶᠢᠨ ᠠᠵᠢᠯ ᠢ ᠪᠠᠶᠢᠩᠭᠤᠵᠢᠭᠤᠯᠵᠤ᠂ ᠥᠷᠭᠡᠨ ᠣᠯᠠᠨ ᠰᠠᠭᠤᠭᠠᠯᠢ ᠠᠷᠠᠳ ᠢ ᠳᠠᠶᠢᠴᠢᠯᠠᠨ ᠬᠤᠲᠠ ᠶᠢᠨ ᠬᠠᠮᠢᠶᠠᠷᠤᠯᠲᠠ ᠳᠤ ᠣᠷᠣᠯᠴᠠᠭᠤᠯᠵᠤ᠂ ᠳᠡᠷᠭᠡᠳᠡᠬᠢ ᠣᠷᠴᠢᠨ ᠲᠣᠭᠤᠷᠢᠨ ᠢᠶᠠᠨ ᠬᠠᠶᠢᠷᠠᠯᠠᠨ᠂ ᠪᠣᠯᠪᠠᠰᠤᠨ ᠤᠶᠢᠯᠡ ᠠᠵᠢᠯᠯᠠᠭ᠎ᠠ ᠶᠢ ᠤᠶᠢᠯᠡᠳᠤᠯᠭᠡᠵᠢᠬᠦᠯᠵᠦ᠂ ᠪᠣᠯᠪᠠᠰᠤᠨ ᠬᠤᠲᠠ ᠶᠢᠨ ᠠᠷᠠᠳ ᠪᠣᠯᠬᠤ ᠪᠠᠷ ᠴᠢᠷᠮᠠᠶᠢᠬᠤ ᠶᠢᠨ ᠬᠠᠮᠲᠤ᠂ ︽ᠡᠭᠦᠳᠡ ᠪᠠᠨ ᠨᠡᠭᠡᠭᠡᠵᠦ ᠰᠠᠨᠠᠯ ᠵᠥᠪᠯᠡᠯᠭᠡ ᠬᠤᠷᠢᠶᠠᠬᠤ︾ ᠠᠵᠢᠯᠯᠠᠭ᠎ᠠ ᠪᠠᠷ ᠳᠠᠮᠵᠢᠭᠤᠯᠤᠨ᠂ ᠣᠯᠠᠨ ᠲᠦᠮᠡᠨ ᠠᠴᠠ ᠬᠤᠲᠠ ᠶᠢᠨ ᠬᠠᠮᠢᠶᠠᠷᠤᠯᠲᠠ ᠶᠢᠨ ᠲᠠᠯ᠎ᠠ ᠶᠢᠨ ᠰᠠᠨᠠᠯ ᠰᠠᠨᠠᠭᠤᠯᠭ᠎ᠠ ᠶᠢ ᠥᠷᠭᠡᠨ ᠢᠶᠠᠷ ᠬᠤᠷᠢᠶᠠᠵᠤ᠂ ᠡᠭᠦᠳᠦᠨ ᠪᠠᠶᠢᠭᠤᠯᠬᠤ ︽ᠨᠡᠶᠢᠯᠡᠮᠡᠯ ᠬᠦᠴᠦᠨ︾᠎ ᠢ ᠪᠣᠶ ᠪᠣᠯᠭᠠᠪᠠ᠃      ᠡᠵᠡᠨ ᠬᠤᠷᠤᠭ᠎ᠠ ᠬᠤᠰᠢᠭᠤᠨ ᠤ ᠬᠤᠲᠠ ᠶᠢᠨ ᠬᠠᠮᠢᠶᠠᠷᠤᠯᠲᠠ ᠶᠢᠨ ᠲᠣᠪᠴᠢᠶ᠎ᠠ ᠶᠢᠨ ᠠᠵᠢᠯᠲᠠᠳ ᠡᠳᠤᠷ ᠰᠦᠨᠢ ᠢ ᠬᠠᠶᠢᠬᠤᠷᠤᠯ ᠦᠭᠡᠢ ᠣᠯᠠᠨ ᠰᠠᠯᠠᠭ᠎ᠠ ᠮᠥᠴᠢᠷ ᠲᠠᠢ ᠬᠠᠮᠲᠤᠷᠠᠨ ᠴᠡᠭᠴᠡᠯᠡᠨ ᠵᠠᠰᠠᠵᠤ᠂  ᠬᠦᠯᠤᠰᠤᠨ ᠠᠵᠢᠯ ᠬᠢᠵᠦ ᠪᠠᠶᠢᠭ᠎ᠠ ᠬᠥᠮᠦᠰ ᠢ ᠵᠠᠰᠠᠭ ᠤᠨ ᠣᠷᠳᠣᠨ ᠤ ᠪᠠᠶᠢᠭᠤᠯᠤᠭᠰᠠᠨ ᠬᠥᠳᠡᠯᠮᠦᠷᠢ ᠬᠦᠴᠦᠨ ᠤ ᠵᠠᠬ᠎ᠠ ᠳᠡᠯᠭᠡᠭᠦᠷ ᠲᠤ ᠣᠴᠢᠭᠤᠯᠤᠨ᠂ ᠬᠤᠲᠠ ᠣᠷᠣᠵᠤ ᠠᠵᠢᠯ ᠬᠥᠳᠡᠯᠮᠦᠷᠢ ᠬᠢᠵᠦ ᠪᠠᠶᠢᠭ᠎ᠠ ᠬᠥᠮᠦᠰ ᠲᠤ ᠬᠠᠯᠠᠭᠤᠨ ᠳᠤᠯᠠᠭᠠᠨ ︽ᠲᠦᠷ ᠴᠠᠭ ᠤᠨ ᠬᠡᠷ ᠪᠦᠯᠢ︾᠎ ᠢ ᠬᠠᠩᠭᠠᠨ ᠦᠭᠪᠡ︔ ᠬᠥᠮᠦᠰ ᠤᠨ ᠲᠤᠰᠬᠠᠯ ᠶᠡᠭᠡᠳᠡᠢ ︽ᠲᠡᠷᠭᠡ ᠵᠣᠭᠰᠣᠭᠠᠬᠤ ᠳᠤ ᠬᠦᠴᠢᠷᠲᠡᠶ︾ ᠪᠠᠶᠢᠬᠤ ᠠᠰᠠᠭᠤᠳᠠᠯ ᠳᠤ ᠴᠢᠭᠯᠡᠭᠦᠯᠦᠨ᠂ ᠡᠵᠡᠨ ᠬᠤᠷᠤᠭ᠎ᠠ ᠬᠤᠰᠢᠭᠤᠨ ᠤ ᠬᠤᠲᠠ ᠶᠢᠨ ᠬᠠᠮᠢᠶᠠᠷᠤᠯᠲᠠ ᠶᠢᠨ ᠲᠣᠪᠴᠢᠶ᠎ᠠ ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ᠂ ᠬᠤᠪᠢᠶᠠᠷᠢᠯᠠᠨ ᠰᠠᠯᠭᠠᠬᠤ ᠵᠠᠷᠴᠢᠮ ᠢᠶᠠᠷ ᠮᠠᠰᠢᠨᠲᠤ ᠲᠡᠷᠭᠡ᠂ ᠮᠠᠰᠢᠨᠲᠤ ᠪᠤᠰᠤ ᠲᠡᠷᠭᠡᠨ ᠤ ᠲᠡᠷᠭᠡ ᠵᠣᠭᠰᠣᠭᠠᠬᠤ ᠪᠠᠶᠢᠷᠢ ᠶᠢ 11744 ᠰᠢᠨ᠎ᠡ ᠪᠠᠷ ᠨᠡᠮᠡᠵᠦ ᠲᠥᠯᠥᠪᠯᠡᠨ ᠪᠠᠶᠢᠷᠢᠰᠢᠭᠤᠯᠵᠤ᠂ ᠲᠡᠷᠭᠡ ᠵᠣᠭᠰᠣᠭᠠᠬᠤ ᠡᠮᠬᠢ ᠵᠢᠷᠤᠮ ᠢ ᠰᠢᠯᠤᠭᠤᠳᠬᠠᠬᠤ ᠪᠠ ᠬᠤᠷᠢᠭᠯᠠᠬᠤ ᠶᠢ ᠤᠶᠠᠯᠳᠤᠭᠤᠯᠤᠨ ᠵᠢᠷᠤᠮᠵᠢᠭᠤᠯᠪᠠ︔ ᠡᠭᠦᠨ ᠤ ᠬᠠᠮᠲᠤ᠂ ᠨᠡᠭᠦᠳᠡᠯ ᠬᠤᠳᠠᠯᠳᠤᠭᠠᠴᠢᠨ ᠤ ᠵᠠᠮ ᠡᠵᠡᠯᠡᠨ ᠡᠵᠡᠩᠨᠡᠯᠲᠡ ᠬᠢᠬᠦ ᠠᠴᠠ ᠪᠤᠯᠤᠭᠰᠠᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠪᠠ ᠰᠠᠭᠤᠭᠠᠯᠢ ᠠᠷᠠᠳ ᠤᠨ ᠰᠠᠭᠠᠳ ᠦᠭᠡᠢ ᠨᠡᠪᠲᠡᠷᠡᠬᠦ ᠶᠢ ᠨᠥᠯᠥᠭᠡᠯᠡᠵᠦ ᠪᠠᠶᠢᠬᠤ ᠳᠤ ᠴᠢᠭᠯᠡᠬᠦᠯᠦᠨ᠂ ᠨᠡᠭᠦᠳᠡᠯ ᠬᠤᠳᠠᠯᠳᠤᠭᠠᠴᠢᠨ ᠤ ᠬᠠᠮᠢᠶᠠᠷᠤᠯᠲᠠ ᠶᠢ ᠴᠢᠩᠭᠠᠳᠬᠠᠵᠤ᠂ ᠣᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠪᠠ ᠬᠤᠲᠠ ᠶᠢᠨ ᠲᠣᠭᠤᠷᠢᠭ ᠤᠨ ᠪᠣᠳᠠᠲᠤ ᠪᠠᠶᠢᠳᠠᠯ ᠢ ᠬᠦᠢᠴᠡᠳ ᠪᠤᠳᠤᠯᠬᠢᠯᠠᠭᠰᠠᠨ ᠰᠠᠭᠤᠷᠢᠨ ᠲᠡᠭᠡᠷ᠎ᠡ᠂ ᠪᠠᠷᠠᠭᠤᠨ ᠠᠭᠤᠯᠠ ᠶᠢᠨ ᠥᠷᠯᠥᠭᠡ ᠶᠢᠨ ᠲᠡᠯᠭᠡᠬᠦᠷ᠂ ᠠᠭᠤᠷᠬᠠᠶ ᠶᠢᠨ ᠣᠷᠣᠨ ᠤ ᠪᠤᠴᠠᠭᠠᠨ ᠨᠡᠬᠦᠯᠭᠡᠭᠰᠡᠨ ᠰᠠᠭᠤᠭᠠᠯᠢ ᠠᠷᠠᠳ ᠤᠨ ᠲᠤᠭᠤᠷᠢᠭ ᠤᠨ ᠣᠷᠣᠶ ᠶᠢᠨ ᠲᠡᠯᠭᠡᠬᠦᠷ᠂ ᠮᠠᠰᠢᠨ ᠲᠡᠷᠭᠡᠨ ᠤ ᠬᠤᠲᠠ ᠶᠢᠨ ᠣᠷᠣᠶ ᠶᠢᠨ ᠲᠡᠯᠭᠡᠬᠦᠷ᠂ ᠬᠤᠳᠠ ᠶᠢᠨ ᠠᠯᠪᠠᠳᠠᠨ ᠤ ᠰᠠᠭᠤᠭᠠᠯᠢ ᠠᠷᠠᠳ ᠤᠨ ᠲᠤᠭᠤᠷᠢᠭ ᠤᠨ ᠣᠷᠣᠶ ᠶᠢᠨ ᠲᠡᠯᠭᠡᠬᠦᠷ᠂ ᠨᠡᠷᠡᠨ ᠬᠤᠲᠠ ᠶᠢᠨ ᠰᠦᠯᠵᠢᠶᠡᠨ ᠤᠳᠤᠳ ᠤᠨ ᠵᠡᠭᠡᠯᠢ ᠶᠢᠨ ᠣᠷᠣᠶ ᠶᠢᠨ ᠵᠠᠬ᠎ᠠ᠂ ᠦᠨᠳᠦᠰᠦᠲᠡᠨ ᠤ ᠵᠡᠭᠡᠯᠢ ᠶᠢᠨ ᠣᠷᠣᠶ ᠶᠢᠨ ᠵᠠᠬ᠎ᠠ ᠵᠡᠷᠭᠡ ᠵᠢᠷᠭᠤᠭᠠᠨ ᠨᠡᠭᠦᠳᠡᠯ ᠬᠤᠳᠠᠯᠳᠤᠭᠠᠴᠢᠨ ᠢ ᠲᠦᠷ ᠴᠠᠭ ᠡᠵᠡᠩᠨᠡᠬᠦ ᠴᠡᠭ ᠭᠠᠷᠭᠠᠵᠤ᠂ ᠨᠡᠭᠦᠳᠡᠯ ᠬᠤᠳᠠᠯᠳᠤᠭᠠᠴᠢᠨ ᠢ ︽ᠪᠠᠭᠤᠳᠠᠯ︾᠎ ᠲᠠᠢ ᠪᠣᠯᠭᠠᠭᠰᠠᠨ ᠪᠥᠭᠡᠳ ᠰᠠᠭᠤᠭᠠᠯᠢ ᠠᠷᠠᠳ ᠤᠨ ᠪᠠᠷᠠᠭ᠎ᠠ ᠬᠤᠳᠠᠯᠳᠤᠨ ᠠᠪᠬᠤ ᠬᠡᠷᠡᠭᠴᠡᠭᠡ ᠱᠠᠭᠠᠷᠳᠠᠯᠭ᠎ᠠ ᠶᠢ ᠴᠦ ᠬᠠᠩᠭᠠᠵᠤ ᠴᠢᠳᠠᠭᠰᠠᠨ ᠪᠠᠶᠢᠨ᠎ᠠ︔ ᠡᠬᠦᠨ ᠢᠶᠠᠷ ᠪᠠᠷᠠᠬᠤ ᠦᠭᠡᠢ᠂ ᠬᠤᠲᠠ ᠶᠢᠨ ᠬᠠᠮᠢᠶᠠᠷᠤᠯᠲᠠ ᠶᠢᠨ ᠤᠶᠢᠯᠡᠴᠢᠯᠡᠭᠡᠨ ᠤ ᠤᠲᠠᠰᠤ ︽12319︾᠎ ᠨᠢ ᠨᠡᠩ ᠴᠤ ᠰᠠᠭᠤᠭᠠᠯᠢ ᠠᠷᠠᠳ ᠲᠤ᠂ ᠬᠦᠰᠡᠯ ᠱᠠᠭᠠᠷᠳᠠᠯᠭ᠎ᠠ ᠢᠶᠠᠨ ᠲᠤᠷᠠᠳᠬᠤ᠂ ᠲᠤᠰᠠᠯᠠᠮᠵᠢ ᠡᠷᠢᠬᠦ ᠪᠦᠲᠦᠮᠵᠢᠲᠡᠶ ᠬᠥᠭᠦᠷᠭᠡ ᠪᠣᠯᠵᠣ᠂ ᠨᠠᠷᠢᠯᠢᠭᠵᠢᠭᠤᠯᠤᠭᠰᠠᠨ ᠬᠠᠮᠢᠶᠠᠷᠤᠯᠲᠠ ᠪᠠ ᠬᠠᠯᠠᠭᠤᠨ ᠳᠤᠯᠠᠭᠠᠨ ᠤᠶᠢᠯᠡᠴᠢᠯᠡᠭᠡ ᠪᠠᠷ ᠳᠡᠮᠵᠢᠨ᠂ ᠬᠤᠲᠠ ᠶᠢᠨ ᠣᠷᠴᠢᠨ ᠲᠣᠭᠤᠷᠢᠨ ᠤ ᠳᠦᠷᠰᠦ ᠪᠠᠶᠢᠳᠠᠯ ᠠᠯᠬᠤᠮ ᠠᠯᠬᠤᠮ ᠢᠶᠠᠷ ᠰᠠᠶᠢᠵᠢᠷᠠᠵᠤ᠂ ᠣᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠪᠠ ᠵᠣᠯ ᠵᠢᠷᠭᠠᠯ ᠤᠨ ᠵᠢᠭᠠᠯᠲᠠ ᠲᠤᠭ᠎ᠠ ᠴᠤ ᠲᠠᠰᠤᠷᠠᠯᠲᠠ ᠥᠬᠡᠶ ᠳᠡᠭᠡᠭᠰᠢᠯᠡᠪᠡ︕ ᠪᠣᠯᠪᠠᠰᠤᠨ ᠢ ᠡᠭᠦᠳᠦᠨ ᠪᠠᠶᠢᠭᠤᠯᠬᠤ ᠳᠤ ᠲᠡᠭᠦᠰᠬᠡᠯ ᠭᠡᠵᠦ ᠪᠠᠶᠢᠬᠤ ᠦᠭᠡᠢ ᠶᠤᠮ᠃ ᠡᠵᠡᠨ ᠬᠤᠷᠤᠭ᠎ᠠ ᠬᠤᠰᠢᠭᠤᠨ ᠤ ᠬᠤᠲᠠ ᠶᠢᠨ ᠬᠠᠮᠢᠶᠠᠷᠤᠭᠴᠢᠳ ᠣᠷᠭᠢᠯᠤᠮ᠎ᠠ ᠰᠡᠳᠬᠢᠯᠭᠡ ᠪᠠ ᠬᠦᠴᠦ ᠬᠥᠯᠥᠰᠥ ᠪᠠᠷ ᠢᠶᠠᠨ ᠡᠭᠦᠷᠭᠡ ᠬᠠᠷᠢᠭᠤᠴᠠᠯᠭ᠎ᠠ ᠪᠠᠨ ᠲᠠᠶᠢᠯᠪᠤᠷᠢᠯᠠᠵᠤ᠂ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠭᠤᠶᠢᠳᠠ ᠰᠠᠶᠢᠬᠠᠨ ᠬᠠᠷᠢᠭᠤᠯᠲᠠ ᠶᠢᠨ ᠬᠠᠭᠤᠳᠠᠰᠤ ᠶᠢ ᠪᠢᠴᠢᠭᠯᠡᠵᠦ ᠪᠠᠶᠢᠨ᠎ᠠ᠃
 
ᠢᠷᠡᠯᠲᠡ᠄ ᠡᠵᠡᠨ ᠬᠤᠷᠤᠭ᠎ᠠ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号