ᠡᠵᠡᠨ ᠬᠤᠷᠤᠭ᠎ᠠ ᠬᠤᠰᠢᠭᠤ ᠣᠲᠣ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠰᠢᠨ᠎ᠡ ᠥᠨᠳᠦᠷᠯᠢᠭ ᠢ ᠪᠥᠬᠦ ᠬᠦᠴᠦᠨ ᠢᠶᠠᠷ ᠢᠶᠠᠨ ᠴᠣᠭᠴᠠᠯᠠᠵᠤ ᠣᠲᠣ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠳᠥᠯᠭᠢᠨ ᠠᠬᠢᠭᠤᠯᠵᠤ ᠪᠣᠶ
ᠨᠡᠶᠢᠲᠡᠯᠡᠭᠰᠡᠨ ᠴᠠᠭ᠄
2021/12/23
     ᠨᠢᠭᠡ ᠳᠤ᠂ ᠰᠣᠳᠣᠨ ᠶᠡᠷᠦᠩᠬᠡᠶᠢᠯᠡᠭᠰᠡᠨ ᠬᠤᠳᠠᠯᠳᠤᠭᠠᠨ ᠤ ᠲᠣᠭᠤᠷᠢᠭ ᠢ ᠪᠠᠶᠢᠭᠤᠯᠤᠨ᠎ᠠ᠃ ᠤᠯᠠᠭᠠᠨᠮᠦ᠋ᠷᠡᠨ ᠨᠠᠭᠤᠷ ᠤᠨ ᠨᠠᠭᠤᠷ ᠳᠠᠭᠠᠤ ᠶᠢᠨ ᠬᠤᠳᠠᠯᠳᠤᠭᠠᠨ ᠤ ᠠᠵᠤ ᠠᠬᠤᠶ ᠶᠢᠨ ᠪᠦᠰᠡ ᠶᠢ ᠥᠨᠳᠥᠷ ᠪᠠᠷᠢᠮᠵᠢᠶ᠎ᠠ ᠪᠠᠷ ᠲᠥᠯᠥᠪᠵᠢᠭᠦᠯᠦᠨ ᠪᠠᠶᠢᠷᠢᠰᠢᠭᠤᠯᠵᠤ᠂ ᠬᠠᠶ ᠳ᠋ᠠ᠂ ᠴᠧᠩ ᠳ᠋ᠡ᠂ ᠭᠦᠸᠧ ᠲᠠᠢ ᠬᠤᠳᠠᠯᠳᠤᠭᠠᠨ ᠤ ᠶᠠᠪᠤᠳᠠᠯ ᠤᠨ ᠠᠭᠤᠳᠠᠮ ᠲᠠᠯᠠᠪᠠᠶ ᠵᠡᠷᠭᠡ ᠨᠠᠭᠤᠷ ᠳᠠᠭᠠᠤ ᠶᠢᠨ ᠬᠤᠳᠠᠯᠳᠤᠭᠠᠨ ᠤ ᠶᠡᠷᠦᠩᠬᠡᠶᠢᠯᠡᠭᠰᠡᠨ ᠴᠣᠭᠴᠠ ᠶᠢ ᠲᠦᠷᠭᠡᠳᠬᠡᠨ ᠡᠬᠢᠯᠡᠭᠦᠯᠵᠦ᠂ ᠳᠡᠭᠡᠳᠦ ᠲᠠᠰ ᠤᠨ ᠵᠢᠵᠢᠭᠯᠡᠨ ᠬᠤᠳᠠᠯᠳᠤᠬᠤ᠂ ᠣᠳᠣᠨ ᠲᠠᠰ ᠤᠨ ᠪᠠᠭᠤᠳᠠᠯ᠂ ᠬᠤᠳᠠᠯᠳᠤᠭᠠᠨ ᠤ ᠶᠠᠪᠤᠳᠠᠯ ᠤᠨ ᠠᠯᠪᠠᠯᠠᠬᠤ ᠵᠡᠷᠭᠡ ᠴᠢᠳᠠᠮᠵᠢ ᠶᠢ ᠨᠢᠭᠡ ᠴᠣᠭᠴᠠᠵᠢᠭᠤᠯᠤᠭᠰᠠᠨ ᠶᠡᠷᠦᠩᠬᠡᠶᠢᠯᠡᠭᠰᠡᠨ ᠬᠤᠳᠠᠯᠳᠤᠭᠠᠨ ᠤ ᠲᠣᠭᠤᠷᠢᠭ ᠢ ᠪᠠᠶᠢᠭᠤᠯᠤᠨ᠎ᠠ᠃ ᠨᠡᠷᠡᠨ ᠬᠤᠲᠠ᠂ ᠯᠢ ᠵᠢᠩ ᠬᠤᠳᠠᠯᠳᠤᠭᠠᠨ ᠤ ᠲᠠᠯᠠᠪᠤᠷ ᠵᠡᠷᠭᠡ ᠬᠤᠲᠠ ᠶᠢᠨ ᠬᠤᠳᠠᠯᠳᠤᠭᠠᠨ ᠤ ᠲᠣᠭᠤᠷᠢᠭ ᠤᠨ ᠬᠡᠷᠡᠭᠯᠡᠭᠡᠨ ᠤ ᠡᠵᠡᠩᠨᠡᠯᠲᠡ ᠶᠢᠨ ᠬᠡᠯᠪᠡᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠬᠤᠲᠠ ᠶᠢᠨ ᠬᠡᠷᠡᠭᠯᠡᠭᠡᠨ ᠤ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ᠎ᠡ᠃      ᠬᠤᠶᠠᠷ ᠲᠤ᠂ ᠪᠦᠬᠦ ᠣᠷᠣᠨ ᠪᠦᠰᠡ ᠶᠢᠨ ᠵᠤᠭᠠᠴᠠᠯ ᠢ ᠪᠦᠬᠦ ᠬᠦᠴᠦᠨ ᠢᠶᠠᠷ ᠬᠥᠭᠵᠢᠭᠦᠯᠦᠨ᠎ᠡ᠃ ︽ᠴᠢᠩᠬᠢᠰ ᠬᠠᠭᠠᠨ ᠤ ᠤᠩᠭᠤᠨ︾᠎ ᠤ ᠵᠢᠭᠤᠯᠴᠢᠯᠠᠯ ᠤᠨ ᠣᠷᠣᠨ ᠤ ᠲᠣᠯᠣᠭᠠᠶᠢᠯᠠᠭᠴᠢ ᠦᠢᠯᠡᠳᠦᠯ ᠢ ᠳᠣᠪᠤᠶᠢᠯᠭᠠᠵᠤ᠂ ᠡᠷᠳᠡᠨᠢ ᠶᠢᠨ ᠲᠣᠪᠴᠢ ᠰᠣᠶᠣᠯ ᠤᠨ ᠠᠵᠤ ᠦᠶ᠋ᠯᠡᠰ ᠤᠨ ᠬᠦᠷᠢᠶᠡᠯᠡᠩ ᠤᠨ ᠡᠵᠡᠩᠨᠡᠯᠲᠡ ᠶᠢᠨ ᠲᠣᠭᠲᠠᠴᠠ ᠶᠢ ᠤᠯᠠᠮ ᠨᠢᠭᠡ ᠠᠯᠬᠤᠮ ᠰᠢᠯᠤᠭᠤᠳᠬᠠᠵᠤ᠂ ᠵᠡᠭᠦᠨ ᠪᠠᠷᠠᠭᠤᠨ ᠤᠯᠠᠭᠠᠨ ᠨᠠᠭᠤᠷ ᠢ ᠳᠡᠭᠡᠭᠰᠢᠯᠡᠭᠦᠯᠦᠨ ᠥᠭᠡᠷᠡᠴᠢᠯᠡᠬᠦ᠂ ᠵᠢᠶᠦ᠋ᠨ ᠸᠠᠩ ᠤᠨ ᠣᠷᠳᠣᠨ ᠤ ᠰᠣᠶᠣᠯ ᠤᠨ ᠬᠤᠳᠠᠯᠳᠤᠭᠠᠨ ᠤ ᠵᠡᠭᠡᠯᠢ ᠲᠣᠭᠤᠷᠢᠭ ᠵᠡᠷᠭᠡ ᠭᠤᠤᠯᠳᠠᠯᠭ᠎ᠠ ᠲᠠᠢ ᠲᠥᠷᠥᠯ ᠵᠦᠢᠯ ᠎ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ ᠬᠠᠰᠢᠶᠠᠲᠤ ᠶᠢᠨ ᠬᠥᠳᠡᠭᠡ ᠨᠤᠲᠤᠭ ᠤᠨ ᠠᠷᠠᠳ ᠤᠨ ᠣᠷᠣᠨ ᠰᠠᠭᠤᠴᠠ᠂ ᠯᠤᠩᠬᠤ ᠶᠢᠨ ᠵᠡᠪᠡ ᠶᠢᠨ ᠡᠴᠢᠭᠡ ᠡᠬᠡ ᠦᠷ᠎ᠡ ᠬᠡᠦᠬᠡᠳ ᠤᠨ ᠰᠤᠳᠤᠯᠤᠨ ᠰᠤᠷᠤᠯᠴᠠᠬᠤ᠂ ᠲᠠᠯ᠎ᠠ ᠨᠤᠲᠤᠭ ᠤᠨ ᠳ᠋ᠧᠦ ᠰᠧ ᠯᠧ ᠶᠤᠸᠠᠨ ᠪᠠ ᠢ ᠹᠧᠩ ᠵᠠᠶ ᠬᠥᠳᠡᠭᠡ ᠲᠣᠰᠬᠤᠨ ᠤ ᠵᠢᠭᠤᠯᠴᠢᠯᠠᠯ ᠵᠡᠷᠭᠡ ᠨᠢᠭᠡ ᠪᠦᠯᠦᠭ ᠣᠨᠴᠠᠯᠢᠭᠲᠤ ᠰᠣᠶᠣᠯ ᠵᠢᠭᠤᠯᠴᠢᠯᠠᠯ ᠤᠨ  ᠦᠢᠯᠡᠳᠬᠦᠨ  ᠢ ᠪᠤᠶᠢᠵᠢᠭᠤᠯᠤᠨ ᠨᠡᠭᠡᠭᠡᠨ ᠬᠥᠭᠵᠢᠭᠦᠯᠵᠦ᠂ ᠥᠪᠡᠷ ᠢᠶᠠᠨ ᠲᠡᠷᠭᠡ ᠵᠢᠯᠣᠭᠤᠳᠴᠤ ᠵᠢᠭᠤᠯᠴᠢᠯᠠᠬᠤ᠂ ᠰᠤᠳᠤᠯᠤᠨ ᠰᠤᠷᠤᠯᠴᠠᠵᠤ ᠵᠢᠭᠤᠯᠴᠢᠯᠠᠬᠤ᠂ ᠡᠴᠢᠭᠡ ᠡᠬᠡ ᠦᠷ᠎ᠡ ᠬᠡᠦᠬᠡᠳ ᠤᠨ ᠵᠢᠭᠤᠯᠴᠢᠯᠠᠯ ᠤᠨ ᠰᠣᠳᠣᠨ ᠵᠢᠭᠤᠯᠴᠢᠯᠠᠯ ᠤᠨ ᠱᠤᠭᠤᠮ ᠢ ᠨᠠᠷᠢᠨ ᠨᠢᠮᠪᠠᠶ ᠪᠣᠶ ᠪᠣᠯᠭᠠᠵᠤ᠂ ︽ᠲᠩᠷᠢᠯᠢᠭ ᠲᠠᠷᠬᠠᠨ ᠤᠷᠤᠨ︾᠎ ᠶᠢᠨ ᠢᠷᠠᠭᠤ ᠠᠯᠳᠠᠷ ᠤᠨ ᠬᠡᠮᠵᠢᠶ᠎ᠡ ᠪᠠ ᠲᠠᠲᠠᠬᠤ ᠬᠦᠴᠦᠨ ᠢ ᠪᠥᠬᠦ ᠲᠠᠯ᠎ᠠ ᠪᠠᠷ ᠲᠡᠭᠡᠭᠰᠢᠯᠡᠬᠦᠯᠪᠡ᠃      ᠭᠤᠷᠪᠠ ᠳᠤ᠂ ︽ᠰᠡᠯᠡᠭᠦᠴᠡᠯ ᠰᠤᠪᠢᠯᠠᠯᠲᠠ︾᠎ ᠶᠢᠨ ᠰᠠᠭᠤᠷᠢᠨ ᠭᠠᠵᠠᠷ ᠢ ᠪᠦᠬᠦ ᠬᠦᠴᠦᠨ ᠢᠶᠠᠷ ᠢᠶᠠᠨ ᠴᠣᠭᠴᠠᠯᠠᠨ᠎ᠠ᠃ ᠠᠭᠤᠷ ᠠᠮᠢᠰᠬᠤᠯ ᠲᠤᠩᠭᠠᠯᠠᠭ᠂ ᠠᠶᠠᠨᠳᠠᠭᠠᠨ ᠡᠷᠡᠭᠦᠯᠵᠢᠬᠦ ᠣᠷᠴᠢᠨ ᠲᠣᠭᠤᠷᠢᠨ ᠤ ᠳᠠᠪᠠᠭᠤᠯᠢᠭ ᠲᠤ ᠲᠦᠰᠢᠭᠯᠡᠨ᠂ ︽ᠨᠡᠭᠦᠳᠡᠯ ᠤᠨ ᠰᠢᠪᠠᠭᠤ ᠮᠠᠶ᠋ᠢᠭ︾᠎ ᠤᠨ ᠡᠷᠡᠭᠦᠯᠵᠢᠯ ᠰᠤᠪᠢᠯᠠᠯᠲᠠ ᠪᠠ ᠬᠡᠷ ᠲᠡᠭᠡᠨ ᠰᠠᠭᠤᠬᠤ ᠨᠡᠶᠢᠭᠡᠮ ᠲᠣᠭᠤᠷᠢᠭ ᠤᠨ ᠨᠠᠰᠤᠵᠢᠯ ᠤᠨ ᠠᠵᠤ ᠦᠢᠯᠡᠰ ᠢ ᠲᠦᠷᠭᠡᠳᠬᠡᠨ ᠬᠥᠭᠵᠢᠭᠦᠯᠵᠦ᠂ ᠢ ᠬᠤᠸᠠ ᠠᠮᠢ ᠠᠬᠤᠶ ᠶᠢᠨ ᠡᠷᠡᠭᠦᠯᠵᠢᠯ ᠰᠤᠪᠢᠯᠠᠯᠲᠠ ᠶᠢᠨ ᠬᠤᠲᠠ᠂ ᠠᠵᠠᠳᠠᠢ ᠡᠷᠡᠭᠦᠯ ᠮᠡᠨᠳᠦ ᠶᠢᠨ ᠲᠥᠪ᠂ ᠪᠡᠭᠡᠵᠢᠩ ᠮᠣᠩᠭᠤᠯ ᠡᠮᠨᠡᠯᠭᠡ ᠶᠢᠨ ᠬᠤᠷᠢᠶ᠎ᠠ ᠶᠢᠨ ᠬᠤᠶᠠᠳᠤᠭᠠᠷ ᠬᠤᠭᠤᠴᠠᠭ᠎ᠠ ᠵᠡᠷᠭᠡ ᠡᠷᠡᠭᠦᠯᠵᠢᠯ ᠰᠤᠪᠢᠯᠠᠯᠲᠠ ᠶᠢᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠤᠨ᠂ ᠪᠠᠷᠠᠭᠤᠨ ᠬᠤᠶᠢᠲᠤ ᠣᠷᠣᠨ ᠢ ᠨᠥᠯᠥᠭᠡᠯᠡᠨ ᠳᠠᠶᠢᠴᠢᠯᠠᠬᠤ᠂ ᠪᠡᠭᠡᠵᠢᠩ ᠲᠢᠶᠠᠨᠵᠢᠨ ᠾᠧᠪᠧᠶ ᠳᠤ ᠬᠠᠨᠳᠤᠭᠤᠯᠤᠭᠰᠠᠨ ︽ᠰᠡᠯᠡᠭᠦᠴᠡᠯ ᠡᠷᠡᠭᠦᠯᠵᠢᠯ ᠰᠤᠪᠢᠯᠠᠯᠲᠠ︾᠎ ᠶᠢᠨ ᠵᠣᠷᠢᠭᠰᠠᠨ ᠭᠠᠵᠠᠷ ᠢ ᠪᠣᠶ ᠪᠣᠯᠭᠠᠨ᠎ᠠ᠃
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号