ᠡᠵᠡᠨ ᠬᠤᠷᠤᠭ᠎ᠠ ᠬᠤᠰᠢᠭᠤ ᠥᠪᠡᠷ ᠢ ᠪᠠᠨ ᠰᠢᠨᠡᠴᠢᠯᠡᠬᠦ ᠶᠢ ᠪᠠᠷᠢᠮᠲᠠᠯᠠᠵᠤ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠤᠨ ᠦᠨᠳᠦᠰᠦᠨ ᠴᠢᠨᠠᠷᠲᠠᠶ ᠬᠤᠪᠢᠷᠠᠯᠲᠠ ᠶᠢ ᠠᠬᠢᠭᠤᠯᠪᠠ
ᠨᠡᠶᠢᠲᠡᠯᠡᠭᠰᠡᠨ ᠴᠠᠭ᠄
2021/12/23
     ᠨᠢᠭᠡ ᠳᠤ᠂ ᠦᠢᠯᠡᠴᠢᠯᠡᠭᠡᠨ ᠤ ᠤᠬᠠᠮᠰᠠᠷ ᠢ ᠴᠢᠩᠭᠠᠳᠬᠠᠬᠤ ᠶᠢᠨ ᠲᠣᠭᠤᠷᠢᠨ ᠳᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠦᠨ᠎ᠡ᠃ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠳᠤᠲᠠᠭᠳᠠᠵᠤ ᠪᠠᠶᠢᠬᠤ ᠶᠢ ᠠᠭᠤᠴᠢᠯᠠᠨ ᠭᠥᠯᠢᠶᠡᠨ ᠠᠪᠴᠤ ᠰᠢᠢᠳᠪᠦᠷᠢᠯᠡᠬᠦ᠂ ᠤᠴᠢᠷ ᠶᠠᠪᠤᠳᠠᠯ ᠢ ᠪᠣᠯᠵᠣᠬᠤ᠂ ᠨᠢᠭᠤᠷᠳᠠᠬᠤ ᠥᠬᠡᠶ ᠪᠠᠷ ᠬᠢᠨᠠᠨ ᠵᠥᠪᠰᠢᠶᠡᠷᠡᠬᠦ ᠵᠡᠷᠭᠡ ᠨᠠᠷᠢᠨ ᠬᠠᠭᠤᠳᠠᠰᠤ ᠶᠢ ᠡᠮᠬᠢᠯᠡᠨ ᠲᠡᠭᠦᠯᠳᠡᠷᠵᠢᠭᠦᠯᠵᠦ᠂ ᠲᠦᠢᠯ ᠤᠨ ᠲᠦᠬᠦᠮᠴᠢᠯᠡᠭᠰᠡᠨ ᠠᠵᠢᠯ ᠶᠠᠪᠤᠳᠠᠯ ᠬᠦᠢᠴᠡᠳᠭᠡᠬᠦ ᠲᠦᠷᠢᠮ ᠢ ᠰᠦᠪᠡᠭᠴᠢᠯᠡᠨ ᠪᠠᠶᠢᠭᠤᠯᠵᠤ᠂ ︽ᠨᠢᠭᠡ ᠤᠴᠢᠷ ᠢ ᠬᠠᠮᠤᠭ ᠤᠨ ᠣᠯᠠᠨ ᠳᠤ ᠪᠠᠨ ᠨᠢᠭᠡ ᠯᠡ ᠤᠳᠠᠭ᠎ᠠ ᠣᠴᠢᠵᠤ ᠬᠦᠢᠴᠡᠳᠭᠡᠬᠦ︾᠎ ᠶᠢ ᠴᠢᠷᠮᠠᠶᠢᠨ ᠪᠡᠶᠡᠯᠡᠭᠦᠯᠦᠨ᠎ᠡ᠃ ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ︾᠎ ᠶᠢ ᠠᠬᠢᠭᠤᠯᠵᠤ᠂ ᠣᠶᠤᠨᠴᠢ ᠵᠠᠰᠠᠭ ᠤᠨ ᠶᠠᠪᠤᠳᠠᠯ ᠤᠨ ᠡᠭᠦᠯᠡᠨ ᠲᠠᠪᠴᠠᠩ ᠳᠤ ᠲᠦᠰᠢᠭᠯᠡᠨ ᠲᠤᠭ᠎ᠠ ᠪᠠᠷᠢᠮᠲᠠ ᠶᠢᠨ ᠮᠡᠳᠡᠭᠡ ᠵᠠᠩᠭᠢ ᠶᠢ ᠬᠤᠯᠪᠣᠭᠠᠯᠠᠨ ᠨᠡᠪᠲᠡᠷᠡᠭᠦᠯᠵᠦ ᠬᠠᠮᠲᠤᠪᠠᠷ ᠬᠡᠷᠡᠭᠯᠡᠬᠦ ᠶᠢ ᠠᠬᠢᠭᠤᠯᠵᠤ᠂ ᠰᠦᠯᠵᠢᠶᠡᠨ ᠳᠡᠭᠡᠷ᠎ᠡ ᠬᠦᠢᠴᠡᠳᠭᠡᠵᠦ ᠪᠣᠯᠬᠤ ᠨᠣᠷᠮ᠎ᠠ ᠶᠢ 95 %᠎ ᠠᠴᠠ ᠳᠡᠭᠡᠭᠰᠢ ᠳᠤ ᠬᠦᠷᠦᠭᠦᠯᠵᠦ᠂ ︽ᠨᠢᠭᠡ ᠴᠣᠩᠬᠤᠪᠴᠢ︾᠎ ᠪᠠᠷ ᠭᠥᠯᠢᠶᠡᠨ ᠠᠪᠴᠤ ᠬᠦᠢᠴᠡᠳᠭᠡᠬᠦ ᠨᠣᠷᠮ᠎ᠠ ᠶᠢ 100 %᠎ ᠳᠤ ᠬᠦᠷᠦᠭᠦᠯᠬᠦ ᠶᠢ ᠦᠨᠡᠨᠬᠦ ᠪᠠᠲᠤᠯᠠᠨ᠎ᠠ᠃ ︽ᠪᠠᠷᠢᠮᠵᠢᠶᠠᠲᠤ ᠭᠠᠵᠠᠷ + ᠠᠮᠠᠯᠠᠯᠲᠠ ᠶᠢᠨ ᠲᠦᠷᠢᠮ︾᠎ ᠤᠨ ᠥᠭᠡᠷᠡᠴᠢᠯᠡᠯᠲᠡ ᠶᠢᠨ ᠦᠷ᠎ᠡ ᠪᠦᠲᠦᠭᠡᠯ ᠢ ᠪᠠᠬᠢᠵᠢᠭᠦᠯᠵᠦ ᠂ ᠪᠠᠯᠠ ᠣᠷᠣᠭᠤᠯᠤᠯᠲᠠ ᠶᠢᠨ ᠲᠥᠷᠥᠯ ᠵᠦᠢᠯ ᠤᠨ ︽ᠨᠢᠭᠡ ᠥᠷᠲᠡᠭᠡ ᠮᠠᠶ᠋ᠢᠭ︾᠎ ᠤᠨ  ᠦᠢᠯᠡᠴᠢᠯᠡᠭᠡᠨ ᠤ ᠲᠥᠪ ᠤᠨ ᠦᠢᠯᠡᠴᠢᠯᠡᠭᠡᠨ ᠤ ᠬᠦᠴᠦᠨ ᠴᠢᠳᠠᠪᠤᠷᠢ ᠶᠢ ᠳᠡᠭᠡᠭᠰᠢᠯᠡᠭᠦᠯᠵᠦ᠂ ᠵᠢᠯ ᠤᠨ ᠳᠣᠲᠣᠷ᠎ᠠ ᠪᠠᠯᠠ ᠣᠷᠣᠭᠤᠯᠤᠯᠲᠠ ᠶᠢᠨ ᠲᠥᠷᠥᠯ  ᠵᠦᠢᠯ ᠢ ᠬᠢᠨᠠᠨ ᠵᠥᠪᠰᠢᠶᠡᠷᠡᠬᠦ ᠴᠠᠭ ᠤᠨ ᠬᠢᠵᠠᠭᠠᠷ ᠢ 10 %᠎ ᠠᠴᠠ ᠳᠡᠭᠡᠭᠰᠢ ᠪᠣᠭᠤᠨᠢᠰᠬᠠᠨ᠎ᠠ᠃ ᠵᠢᠯ ᠤᠨ ᠳᠣᠲᠣᠷ᠎ᠠ 70 %᠎ ᠠᠴᠠ ᠳᠡᠭᠡᠭᠰᠢᠬᠢ ᠭᠠᠴᠠᠭ᠎ᠠ ᠲᠣᠰᠬᠤᠨ ᠨᠡᠶᠢᠭᠡᠮ ᠲᠣᠭᠤᠷᠢᠭ ᠨᠢ ᠪᠠᠷᠢᠮᠵᠢᠶᠠᠵᠢᠭᠰᠠᠨ ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡᠨ ᠤ ᠣᠷᠣᠯᠠᠨ ᠭᠦᠢᠴᠡᠳᠬᠡᠬᠦ‍ ᠴᠢᠭ ᠢ ᠪᠠᠶᠢᠭᠤᠯᠵᠤ᠂ ᠬᠤᠰᠢᠭᠤ ᠪᠠᠯᠭᠠᠰᠤ ᠲᠣᠰᠬᠤᠨ ᠭᠤᠷᠪᠠᠨ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠢᠰᠲ᠋ᠧᠮᠵᠢ ᠶᠢ ᠪᠦᠬᠦ ᠲᠠᠯ᠎ᠠ ᠪᠠᠷ ᠪᠦᠷᠢᠨᠰᠢᠭᠦᠯᠬᠦ ᠬᠡᠷᠡᠭᠲᠡᠶ᠃      ᠬᠤᠶᠠᠷ ᠲᠤ᠂ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢᠨ ᠠᠮᠢᠳᠤᠯᠢᠭ ᠬᠦᠴᠦᠨ ᠢ ᠬᠥᠭᠵᠢᠭᠡᠬᠦ ᠲᠠᠢ ᠤᠶᠠᠯᠳᠤᠭᠤᠯᠤᠨ ᠬᠥᠭᠵᠢᠯᠲᠡ ᠶᠢᠨ ᠰᠠᠶᠢᠨ ᠰᠠᠶᠢᠬᠠᠨ ᠣᠷᠴᠢᠨ ᠨᠥᠬᠦᠴᠡᠯ ᠢ ᠪᠣᠢ ᠪᠣᠯᠭᠠᠨ᠎ᠠ᠃ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶᠢᠯᠠᠯ ᠤᠨ ᠪᠡᠯᠡ ᠣᠷᠣᠭᠤᠯᠬᠤ ᠬᠦᠷᠢᠶ᠎ᠡ ᠶᠢ ᠤᠯᠠᠮ ᠨᠢᠭᠡ ᠠᠯᠬᠤᠮ ᠥᠷᠭᠡᠵᠢᠭᠦᠯᠵᠦ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠬᠤ ᠬᠥᠭᠵᠢᠯᠲᠡ ᠪᠣᠯᠤᠨ ᠴᠢᠬᠤᠯᠠ ᠶᠡᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠤ ᠣᠷᠣᠯᠴᠠᠬᠤ ᠶᠢ ᠨᠢ ᠵᠤᠷᠢᠭᠵᠢᠭᠤᠯᠤᠨ᠎ᠠ᠃ ᠠᠵᠤ ᠠᠬᠤᠶᠢᠯᠠᠯ ᠡᠷᠭᠢᠯᠡᠬᠦ ᠶᠠᠪᠤᠴᠠ ᠶᠢ ᠦᠷᠭᠦᠯᠵᠢᠯᠡᠨ ᠰᠢᠯᠢᠳᠡᠭᠵᠢᠭᠦᠯᠵᠦ᠂ ᠭᠠᠶᠢᠯᠢ ᠬᠥᠩᠭᠡᠯᠡᠵᠦ ᠰᠦᠢᠳᠭᠡᠯ ᠪᠠᠭᠤᠷᠠᠭᠤᠯᠬᠤ᠂ ᠲᠦᠷᠢᠶᠡᠰᠦ ᠬᠥᠩᠭᠡᠯᠡᠵᠦ ᠬᠦᠦ ᠮᠥᠩᠭᠦ ᠪᠠᠭᠤᠷᠠᠭᠤᠯᠬᠤ᠂ ᠲᠦᠭᠡᠮᠡᠯ ᠬᠠᠷᠠᠭᠠᠯᠵᠠᠯᠲᠤ ᠮᠥᠩᠭᠦᠨ ᠬᠦᠢᠯᠭᠡᠭᠡ ᠵᠡᠷᠭᠡ ᠠᠵᠤ ᠠᠬᠤᠶᠢᠯᠠᠯ ᠳᠤ ᠠᠰᠢᠭ ᠬᠦᠷᠲᠡᠭᠡᠬᠦ ᠠᠵᠤ ᠠᠬᠤᠶᠢᠯᠠᠯ ᠢ ᠲᠤᠰᠠᠯᠠᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠲᠠᠯ᠎ᠠ ᠪᠠᠷ ︽ᠬᠠᠮ ᠠᠷᠭ᠎ᠠ ᠬᠡᠮᠵᠢᠶ᠎ᠡ︾ ᠠᠪᠴᠤ᠂ ᠠᠵᠤ ᠠᠬᠤᠶᠢᠯᠠᠯ ᠤᠨ  ᠦᠢᠯᠡᠳᠪᠦᠷᠢᠯᠡᠯ ᠎ ᠤᠨ ᠥᠪᠡᠷ ᠤᠨ ᠥᠷᠲᠡᠭ ᠢ ᠪᠠᠭᠤᠷᠠᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠲᠤᠰᠬᠠᠢ ᠲᠣᠭᠤᠷᠢᠨ ᠪᠠᠶᠢᠴᠠᠭᠠᠯᠲᠠ ᠳᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠦᠨᠡᠨ ᠬᠦ ᠰᠠᠶᠢᠲᠤᠷ ᠠᠳᠬᠤᠵᠤ᠂ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ 8 ᠵᠤᠷᠪᠤᠰ ᠰᠠᠨᠠᠯ ᠢ ᠴᠢᠩᠭ᠎ᠠ ᠨᠠᠶᠢᠳᠠᠪᠤᠷᠢᠵᠢᠭᠤᠯᠵᠤ᠂ ᠬᠢᠨᠠᠨ ᠰᠢᠯᠭᠠᠵᠤ ᠦᠨᠡᠯᠡᠬᠦ ᠶᠢ ᠴᠢᠩᠭᠠᠳᠬᠠᠵᠤ᠂ ︽ᠬᠠᠲᠠᠭᠤ ᠬᠢᠵᠠᠭᠠᠷᠯᠠᠯ︾᠎ ᠢᠶᠠᠷ ︽ᠵᠥᠭᠡᠯᠡᠨ ᠪᠣᠳᠠᠲᠤ ᠬᠦᠴᠦᠨ︾᠎ ᠢ ᠳᠡᠭᠡᠭᠰᠢᠯᠡᠭᠦᠯᠪᠡ᠃ ᠦᠨᠡᠨ ᠰᠡᠳᠬᠢᠯ ᠠᠴᠠ ᠪᠠᠨ ᠠᠵᠤ ᠠᠬᠤᠶᠢᠯᠠᠯ ᠤᠨ ᠬᠦᠴᠢᠷ ᠵᠣᠪᠠᠭᠤᠷᠢ ᠶᠢ ᠬᠤᠪᠢᠶᠠᠯᠴᠠᠨ ᠰᠢᠢᠳᠪᠦᠷᠢᠯᠡᠵᠦ᠂ ︽ᠳᠣᠲᠣᠨᠣ︾᠂ ︽ᠴᠢᠬᠡᠴᠢ︾ ᠰᠢᠨ᠎ᠡ ᠬᠡᠯᠪᠡᠷᠢ ᠶᠢᠨ ᠵᠠᠰᠠᠭ ᠬᠤᠳᠠᠯᠳᠤᠭᠠᠨ ᠤ ᠬᠠᠷᠢᠴᠠᠭ᠎ᠠ ᠶᠢ ᠪᠠᠶᠢᠭᠤᠯᠵᠤ᠂ ︽ᠨᠡᠶᠢᠭᠡᠮ ᠢ ᠬᠦᠨᠳᠦᠳᠬᠡᠬᠦ᠂ ᠤᠯᠤᠰ ᠲᠦᠷᠦ ᠶᠢ ᠴᠢᠬᠤᠯᠠᠴᠢᠯᠠᠬᠤ᠂ ᠠᠵᠤ ᠠᠬᠤᠢ ᠶᠢ ᠴᠢᠬᠤᠯᠠᠴᠢᠯᠠᠬᠤ᠂ ᠬᠠᠤᠯᠢᠵᠢᠯ ᠢ ᠴᠢᠬᠤᠯᠠᠴᠢᠯᠠᠬᠤ︾ ᠠᠵᠤ ᠠᠬᠤᠶᠢᠯᠠᠯᠲᠠᠨ ᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠵᠤ᠂ ᠠᠵᠤ ᠠᠬᠤᠶᠢᠯᠠᠯᠲᠠᠨ ᠢ ᠰᠠᠨᠠᠭ᠎ᠠ ᠠᠮᠤᠷ ᠡᠵᠡᠩᠨᠡᠵᠦ᠂ ᠰᠠᠨᠠᠭ᠎ᠠ ᠠᠮᠤᠷ ᠪᠡᠯᠡ ᠣᠷᠣᠭᠤᠯᠵᠤ᠂ ᠦᠢᠯᠡᠰ ᠪᠤᠰᠬᠠᠵᠤ ᠦᠢᠯᠡᠰ ᠪᠤᠰᠬᠠᠬᠤ ᠪᠣᠯᠭᠠᠨ᠎ᠠ᠃      ᠭᠤᠷᠪᠠ ᠳᠤ᠂ ᠠᠵᠤ ᠦᠢᠯᠡᠰ ᠤᠨ ᠥᠨᠳᠦᠷᠯᠢᠭ ᠢ ᠴᠣᠭᠴᠠᠯᠠᠬᠤ ᠶᠢᠨ ᠲᠣᠭᠤᠷᠢᠨ ᠳᠤ ᠬᠦᠷᠢᠶᠡᠯᠡᠩ ᠲᠣᠭᠤᠷᠢᠭ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠤᠨ᠎ᠠ᠃ ᠬᠦᠷᠢᠶᠡᠯᠡᠩ ᠲᠣᠭᠤᠷᠢᠭ ᠤᠨ ᠠᠵᠢᠯᠯᠠᠭᠠᠨ ᠤ ᠲᠣᠭᠲᠠᠴᠠ ᠶᠢ ᠰᠢᠯᠤᠭᠤᠳᠬᠠᠵᠤ᠂ ᠬᠦᠷᠢᠶᠡᠯᠡᠩ ᠲᠣᠭᠤᠷᠢᠭ ᠤᠨ ᠡᠬᠢ ᠪᠠᠶᠠᠯᠢᠭ ᠢ ᠨᠢᠭᠡᠳᠦᠯᠲᠡᠶ ᠲᠥᠯᠥᠪᠯᠡᠨ ᠨᠡᠶᠢᠯᠡᠭᠦᠯᠵᠦ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ᠂ ᠠᠵᠤ ᠠᠬᠤᠶᠢᠯᠠᠯ ᠳᠤ ᠦᠢᠯᠡᠴᠢᠯᠡᠬᠦ ᠢᠳᠡᠪᠬᠢᠵᠢᠯ ᠪᠠ ᠰᠠᠨᠠᠭᠠᠴᠢᠯᠠᠭᠠᠲᠤ ᠴᠢᠨᠠᠷ ᠢ ᠳᠠᠶᠢᠴᠢᠯᠠᠨ ᠬᠥᠭᠵᠢᠭᠡᠨ᠎ᠡ᠃ ︽ᠮᠦ ᠪᠦᠷᠢ ᠶᠢᠨ ᠤᠨᠠᠯᠲᠠ ᠪᠠᠷ ᠪᠠᠭᠠᠲᠤᠷ ᠢ ᠦᠨᠡᠯᠡᠬᠦ ︾ ᠬᠢᠨᠠᠨ ᠰᠢᠯᠭᠠᠵᠤ ᠦᠨᠡᠯᠡᠬᠦ ᠰᠢᠰᠲ᠋ᠧᠮᠵᠢ ᠶᠢ ᠪᠠᠶᠢᠭᠤᠯᠵᠤ᠂ ︽ᠦᠬᠦᠰᠢᠷᠡᠮᠡᠯ ᠠᠵᠤ ᠠᠬᠤᠶᠢᠯᠠᠯ︾ ᠪᠠ ︽ᠠᠲᠠᠷᠰᠢᠭᠤᠯᠤᠭᠰᠠᠨ ᠲᠥᠷᠥᠯ ᠵᠦᠢᠯ︾᠎ ᠢ ᠢᠯᠭᠠᠷᠠᠭᠤᠯᠤᠨ ᠴᠡᠭᠴᠡᠯᠡᠨ ᠵᠠᠰᠠᠵᠤ᠂ ᠰᠤᠯᠠ ᠪᠠᠶᠢᠭ᠎ᠠ ᠡᠳ᠋ ᠬᠥᠷᠥᠩᠭᠡ᠂ ᠰᠤᠯᠠ ᠪᠠᠶᠢᠭ᠎ᠠ ᠭᠠᠵᠠᠷ ᠰᠢᠷᠣᠶ᠂ ᠡᠨᠧᠷᠭᠢ ᠶᠢᠨ ᠬᠤᠷᠣᠭᠳᠠᠯ ᠤᠨ ᠭᠦᠢᠴᠡᠳᠬᠡᠬᠦ ᠲᠤᠭ᠎ᠠ ᠶᠢ ᠲᠦᠷᠭᠡᠳᠬᠡᠨ ᠠᠮᠢᠳᠤᠯᠢᠭᠵᠢᠭᠤᠯᠵᠤ᠂ ᠨᠢᠭᠡᠴᠢ ᠲᠠᠯᠠᠪᠠᠶ ᠶᠢᠨ ᠣᠷᠣᠭᠤᠯᠤᠯᠲᠠ ᠶᠢᠨ ᠬᠦᠴᠦᠯᠡᠴᠡ ᠪᠠ ᠭᠠᠷᠤᠯᠲᠠ ᠶᠢᠨ ᠦᠷ᠎ᠡ ᠠᠰᠢᠭ ᠢ ᠳᠡᠭᠡᠭᠰᠢᠯᠡᠭᠦᠯᠦᠨ᠎ᠡ᠃ 3000 ᠲᠦᠮᠡᠨ ᠲᠥᠭᠦᠷᠢᠭ ᠤᠨ ᠬᠦᠷᠢᠶᠡᠯᠡᠩ ᠲᠣᠭᠤᠷᠢᠭ ᠢ ᠬᠥᠭᠵᠢᠭᠦᠯᠦᠨ ᠮᠠᠨᠳᠤᠭᠤᠯᠬᠤ ᠲᠤᠰᠬᠠᠶ ᠪᠠᠯᠠ ᠮᠥᠩᠭᠦ ᠲᠣᠬᠢᠷᠠᠭᠤᠯᠵᠤ᠂ ᠤᠰᠤ ᠬᠠᠩᠭᠠᠬᠤ᠂ ᠢᠯᠴᠢ ᠬᠠᠩᠭᠠᠬᠤ᠂ ᠪᠣᠬᠢᠷ ᠤᠰᠤ ᠵᠡᠷᠭᠡ ᠰᠠᠭᠤᠷᠢ ᠪᠡᠯᠡᠳᠬᠡᠮᠵᠢ ᠶᠢᠨ ᠳᠤᠲᠠᠭᠤᠳᠠᠯ ᠢ ᠨᠥᠬᠦᠪᠥᠷᠢᠯᠡᠵᠦ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠳᠠᠭᠠᠭᠠᠴᠠ ᠶᠢ ᠬᠦᠴᠦᠯᠡᠨ ᠳᠡᠭᠡᠭᠰᠢᠯᠡᠭᠦᠯᠦᠨ᠎ᠡ᠃ ᠬᠦᠷᠢᠶᠡᠯᠡᠩ ᠲᠣᠭᠤᠷᠢᠭ ᠤᠨ ᠠᠮᠢᠳᠤᠷᠠᠯ ᠤᠨ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ᠂ ᠰᠢᠭᠠᠷᠤ ᠶᠢᠨ ᠲᠠᠯᠠᠪᠠᠢ ᠵᠡᠷᠭᠡ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠢ ᠠᠬᠢᠭᠤᠯᠵᠤ᠂ ᠱᠧᠩ ᠶᠤᠸᠠᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠰᠠᠭᠤᠷᠢᠨ ᠭᠠᠵᠠᠷ ᠤᠨ ᠵᠡᠭᠦᠨ ᠲᠣᠭᠤᠷᠢᠯ ᠵᠠᠮ ᠤᠨ ᠢᠨᠵᠧᠨᠧᠷᠢᠩ ᠢ ᠬᠡᠷᠡᠭᠵᠢᠭᠦᠯᠬᠦ ᠶᠢ ᠠᠬᠢᠭᠤᠯᠵᠤ᠂ ︽ᠪᠠᠷᠢᠮᠵᠢᠶᠠᠲᠤ ᠭᠠᠵᠠᠷ︾ ᠪᠠ ︽ᠪᠠᠷᠢᠮᠵᠢᠶᠠᠵᠢᠭᠰᠠᠨ  ᠦᠢᠯᠡᠳᠪᠦᠷᠢ ᠶᠢᠨ ᠭᠡᠷ︾᠎ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ︽ᠭᠠᠵᠠᠷ ᠠᠪᠴᠤ ᠠᠵᠢᠯ ᠡᠬᠢᠯᠡᠭᠦᠯᠬᠦ︾ ᠪᠠ ︽ᠪᠣᠭᠴᠣᠯᠠᠵᠤ ᠣᠷᠣᠵᠤ ᠰᠠᠭᠤᠬᠤ︾᠎ ᠶᠢ ᠪᠡᠶᠡᠯᠡᠭᠦᠯᠵᠦ᠂ ᠬᠦᠷᠢᠶᠡᠯᠡᠩ ᠲᠣᠭᠤᠷᠢᠭ ᠤᠨ ᠴᠢᠨᠠᠷ ᠰᠠᠶᠢᠲᠠᠢ ᠬᠥᠭᠵᠢᠯᠲᠡ ᠶᠢᠨ ᠭᠤᠣᠯ  ᠲᠠᠶᠢᠨ ᠤ ᠲᠠᠯᠠᠪᠤᠷ ᠤᠨ ᠦᠢᠯᠡᠳᠦᠯ ᠢ ᠭᠦᠢᠴᠡᠳ ᠪᠠᠳᠠᠷᠠᠭᠤᠯᠤᠨ᠎ᠠ᠃
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号