| 2011 ᠣᠨ ᠠᠴᠠ ᠨᠠᠰᠢ᠂ ᠡᠵᠡᠨ ᠬᠤᠷᠤᠭ᠎ᠠ ᠬᠤᠰᠢᠭᠤ ᠨᠡᠶᠢᠲᠡ 5 ᠳ᠋ᠦᠩᠰᠢᠭᠤᠷ ᠲᠥᠭᠦᠷᠢᠭ ᠤᠨ ᠪᠠᠯᠠ | ᠣᠷᠣᠭᠤᠯᠤᠨ ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠨ ᠰᠢᠨᠡᠳᠬᠡᠵᠦ᠂ ᠭᠤᠤᠯᠳᠠᠭᠤ ᠠᠨᠯᠳᠠᠨᠰᠢᠷᠡᠭᠡᠳᠦ | ᠪᠠᠯᠭᠠᠰᠤᠨ ᠤ ᠬᠤᠲᠠ ᠲᠣᠭᠤᠷᠢᠭ ᠤᠨ ᠬᠠᠭᠤᠴᠢᠨ ᠰᠠᠭᠤᠭᠠᠯᠢ ᠲᠣᠭᠤᠷᠢᠭ ᠲᠤ ᠬᠤᠭᠤᠯᠠᠶ ᠲᠤᠤᠷ ᠢ ᠥᠭᠡᠷᠡᠴᠢᠯᠡᠨ | ᠰᠢᠨᠡᠳᠬᠡᠬᠦ᠂ ᠰᠠᠭᠤᠷᠢ ᠲᠥᠬᠦᠭᠡᠷᠦᠮᠵᠢ ᠶᠢ ᠰᠡᠯᠪᠢᠨ ᠵᠠᠰᠠᠬᠤ ᠵᠡᠷᠭᠡ ᠠᠵᠢᠯ ᠢ ᠬᠢᠵᠦ᠂ ᠬᠡᠷ ᠲᠡᠭᠡᠨ ᠰᠠᠭᠤᠵᠤ | ᠨᠠᠰᠤᠲᠠᠨ ᠢ ᠠᠰᠠᠷᠠᠬᠤ᠂ ᠠᠷᠢᠭᠤᠨ ᠴᠡᠪᠡᠷ ᠢ ᠬᠠᠮᠠᠭᠠᠯᠠᠬᠤ ᠵᠡᠷᠭᠡ ᠣᠯᠠᠨ ᠶᠠᠩᠵᠤ ᠶᠢᠨ ᠨᠡᠶᠢᠭᠡᠮ ᠲᠣᠭᠤᠷᠢᠭ ᠤᠨ | ᠦᠢᠯᠡᠴᠢᠯᠡᠭᠡ ᠶᠢ ᠴᠢᠷᠮᠠᠶᠢᠨ ᠬᠥᠭᠵᠢᠭᠦᠯᠪᠡ᠃ ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠨ ᠰᠢᠨᠡᠳᠬᠡᠬᠦ | ᠠᠵᠢᠯ ᠢ ᠬᠡᠷᠡᠭᠵᠢᠭᠦᠯᠦᠭᠰᠡᠨ ᠠᠴᠠ ᠨᠠᠭᠠᠰᠢ᠂ ᠭᠤᠷᠪᠠᠨ ᠲᠠᠯ᠎ᠠ ᠶᠢᠨ ᠲᠠᠰ ᠳᠡᠪᠰᠢᠬᠦ ᠶᠢ ᠪᠡᠶᠡᠯᠡᠭᠦᠯᠪᠡ᠃ | ᠨᠢᠭᠡ ᠳᠤ᠂ ᠥᠭᠡᠷᠡᠴᠢᠯᠡᠬᠦ ᠠᠭᠤᠯᠭ᠎ᠠ ᠶᠢ ᠨᠡᠩ ᠶᠡᠷᠦᠩᠬᠡᠶᠢᠯᠡᠪᠡ᠃ ᠥᠭᠡᠷᠡᠴᠢᠯᠡᠨ ᠰᠢᠨᠡᠳᠬᠡᠬᠦ ᠠᠭᠤᠯᠭ᠎ᠠ ᠶᠢ | ᠥᠩᠭᠡᠷᠡᠭᠰᠡᠨ ᠤ ᠤᠰᠤ ᠳᠤᠯᠠᠭᠠᠮᠵᠢ ᠰᠢᠲᠠᠮᠠᠬᠠᠶ ᠬᠡᠶ ᠶᠢᠨ ᠬᠤᠭᠤᠯᠠᠢ ᠵᠡᠷᠭᠡ ᠰᠠᠭᠤᠷᠢ ᠲᠥᠷᠥᠯ ᠤᠨ ᠥᠭᠡᠷᠡᠴᠢᠯᠡᠯᠲᠡ | ᠂ ᠲᠠᠰ ᠳᠡᠪᠰᠢᠭᠦᠯᠦᠨ ᠢᠵᠢ ᠪᠥᠷᠢᠳᠦᠭᠦᠯᠬᠦ ᠲᠦᠬᠦᠭᠡᠷᠦᠮᠵᠢ ᠵᠡᠷᠭᠡ ᠲᠡᠭᠦᠯᠳᠡᠷᠵᠢᠭᠦᠯᠬᠦ ᠲᠥᠷᠥᠯ ᠤᠨ ᠥᠭᠡᠷᠡᠴᠢᠯᠡᠯᠲᠡ | ᠪᠠ ᠣᠯᠠᠨ ᠨᠡᠶᠢᠲᠡ ᠶᠢᠨ ᠦᠢᠯᠡᠴᠢᠯᠡᠭᠡᠨ ᠤ ᠬᠠᠩᠭᠠᠯᠭ᠎ᠠ ᠵᠡᠷᠭᠡ ᠳᠡᠭᠡᠭᠰᠢᠯᠡᠭᠦᠯᠬᠦ ᠲᠥᠷᠥᠯ ᠤᠨ ᠥᠭᠡᠷᠡᠴᠢᠯᠡᠯᠲᠡ | ᠵᠡᠷᠭᠡ ᠪᠣᠯᠤᠨ᠎ᠠ᠃ 2011 ᠣᠨ ᠳᠤ ᠭᠤᠣᠯᠳᠠᠭᠤ ᠰᠠᠭᠤᠷᠢ ᠲᠦᠬᠦᠭᠡᠷᠦᠮᠵᠢ ᠶᠢᠨ ᠲᠠᠯ᠎ᠠ ᠪᠠᠷ ᠰᠡᠯᠪᠢᠨ ᠵᠠᠰᠠᠵᠤ | ᠥᠭᠡᠷᠡᠴᠢᠯᠡᠨ ᠰᠠᠶᠢᠵᠢᠷᠠᠭᠤᠯᠵᠤ᠂ ᠪᠠᠴᠢᠮ ᠪᠠᠶᠢᠳᠠᠯ ᠢ ᠠᠷᠭᠠᠴᠠᠬᠤ ᠴᠢᠨᠠᠷᠲᠠᠶ ᠰᠡᠯᠪᠢᠨ ᠵᠠᠰᠠᠬᠤ ᠪᠠᠷ ᠭᠤᠣᠯ | ᠪᠣᠯᠭᠠᠨ᠎ᠠ᠃ 2016 ᠣᠨ ᠠᠴᠠ ᠨᠠᠰᠢ ᠭᠤᠤᠯᠳᠠᠭᠤ ᠰᠠᠭᠤᠭᠠᠯᠢ ᠲᠣᠭᠤᠷᠢᠭ ᠤᠨ ᠭᠠᠵᠠᠷ ᠳᠤᠤᠷᠠᠬᠢ ᠬᠤᠭᠤᠯᠠᠶ | ᠲᠤᠤᠷ ᠢ ᠰᠡᠯᠪᠢᠨ ᠵᠠᠰᠠᠵᠤ ᠥᠭᠡᠷᠡᠴᠢᠯᠡᠪᠡ︔ ᠵᠢᠵᠢᠭ ᠲᠣᠭᠤᠷᠢᠭ ᠤᠨ ᠭᠠᠵᠠᠷ ᠳᠡᠭᠡᠷᠡᠬᠢ ᠵᠠᠮ ᠢ ᠬᠠᠲᠠᠭᠤᠷᠠᠭᠤᠯᠬᠤ᠂ | ᠳᠡᠪᠢᠰᠦᠨ ᠵᠠᠰᠠᠵᠤ ᠥᠭᠡᠷᠡᠴᠢᠯᠡᠬᠦ᠂ ᠦᠵᠡᠮᠵᠢ ᠶᠢ ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠬᠦ᠂ ᠭᠡᠷᠡᠯᠲᠦᠭᠦᠯᠭᠡ᠂ | ᠠᠮᠤᠷ ᠲᠦᠪᠰᠢᠨ ᠤ ᠰᠡᠷᠭᠡᠶᠢᠯᠡᠯᠲᠡ ᠵᠡᠷᠭᠡ ᠪᠡᠯᠡᠳᠬᠡᠮᠵᠢ ᠶᠢ ᠤᠭᠰᠠᠷᠠᠬᠤ᠂ ᠭᠠᠳᠠᠷ ᠬᠡᠷᠡᠮ ᠤᠨ ᠳᠤᠯᠠᠭᠠᠨ ᠢ | ᠬᠠᠮᠠᠭᠠᠯᠠᠬᠤ ᠰᠢᠷ ᠢᠶᠠᠷ ᠥᠩᠭᠡᠯᠡᠬᠦ ᠵᠡᠷᠭᠡ ᠠᠵᠢᠯ ᠢ ᠬᠢᠪᠡ᠃ ᠥᠭᠡᠷᠡᠴᠢᠯᠡᠨ ᠪᠠᠶᠢᠭᠤᠯᠤᠭᠰᠠᠨ ᠠᠴᠠ ᠨᠠᠭᠠᠰᠢ ᠨᠡᠶᠢᠲᠡ | 35 ᠰᠠᠭᠤᠭᠠᠯᠢ ᠠᠷᠠᠳ ᠤᠨ ᠲᠣᠭᠤᠷᠢᠭ ᠲᠤ ᠬᠢᠨᠠᠨ ᠡᠵᠡᠮᠳᠡᠬᠦ ᠲᠦᠬᠦᠭᠡᠷᠦᠮᠵᠢ ᠨᠡᠮᠡᠵᠦ ᠤᠭᠰᠠᠷᠠᠨ᠂ 15 | ᠰᠠᠭᠤᠭᠠᠯᠢ ᠠᠷᠠᠳ ᠤᠨ ᠲᠣᠭᠤᠷᠢᠭ ᠤᠨ ᠦᠵᠡᠮᠵᠢ ᠶᠢᠨ ᠨᠣᠭᠤᠭᠠᠷᠠᠭᠤᠯᠤᠯᠲᠠ ᠶᠢ ᠪᠡᠶᠡᠯᠡᠭᠦᠯᠵᠦ᠂ ᠪᠣᠶ ᠪᠥᠬᠦᠶ | ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠬᠠᠲᠠᠭᠤᠷᠠᠭᠤᠯᠤᠨ ᠵᠠᠰᠠᠬᠤ᠂ ᠠᠰᠠᠷ ᠤᠨ ᠭᠤᠳᠤᠮᠵᠢ ᠶᠢ | ᠴᠠᠶᠢᠷᠠᠭᠤᠯᠬᠤ᠂ ᠱᠠᠭᠠᠵᠠᠩ ᠲᠣᠭᠤᠰᠬ᠎ᠠ ᠨᠠᠭᠠᠬᠤ᠂ ᠵᠠᠮ ᠤᠨ ᠳ᠋ᠧᠩ ᠤᠭᠰᠠᠷᠠᠬᠤ ᠵᠡᠷᠭᠡ ᠠᠵᠢᠯ ᠢ ᠪᠡᠶᠡᠯᠡᠭᠦᠯᠪᠡ᠃ | ᠬᠤᠶᠠᠷ ᠲᠤ᠂ ᠥᠭᠡᠷᠡᠴᠢᠯᠡᠯᠲᠡ ᠶᠢᠨ ᠪᠡᠯᠡ ᠮᠥᠩᠭᠦ ᠨᠡᠩ ᠤᠯᠠᠨ ᠡᠰᠢᠵᠢᠪᠡ᠃ ᠥᠩᠭᠡᠷᠡᠭᠰᠡᠨ ᠤ ᠵᠠᠰᠠᠭ ᠤᠨ | ᠣᠷᠳᠣᠨ ᠪᠡᠯᠡ ᠭᠠᠷᠭᠠᠬᠤ ᠪᠠᠷ ᠭᠤᠣᠯ ᠪᠣᠯᠭᠠᠵᠤ ᠪᠠᠶᠢᠭᠰᠠᠨ ᠠᠴᠠ ᠪᠠᠨ ᠵᠠᠰᠠᠭ ᠤᠨ ᠣᠷᠳᠣᠨ ᠤ ᠰᠠᠯᠠᠭ᠎ᠠ ᠮᠥᠴᠢᠷ᠂ | ᠰᠠᠭᠤᠭᠠᠯᠢ ᠠᠷᠠᠳ ᠬᠢᠭᠡᠳ ᠨᠡᠶᠢᠭᠡᠮ ᠤᠨ ᠬᠦᠴᠦᠨᠵᠦ᠋ᠢ ᠵᠣᠬᠢᠰᠲᠠᠢ ᠪᠠᠷ ᠬᠠᠮᠲᠤ ᠪᠠᠷ ᠡᠭᠦᠷᠭᠡᠯᠡᠬᠦ ᠪᠣᠯᠭᠠᠪᠠ᠃ | ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠨ ᠰᠢᠨᠡᠳᠬᠡᠬᠦ ᠪᠠᠯᠠ ᠮᠥᠩᠭᠦ ᠶᠢᠨ ᠡᠬᠢᠨ ᠤ ᠬᠤᠭᠤᠴᠠᠭᠠᠨ ᠳᠤ | ᠭᠤᠤᠯᠳᠠᠭᠤ ᠳᠡᠭᠡᠳᠦ ᠱᠠᠲᠤᠨ ᠤ ᠲᠤᠰᠬᠠᠶ ᠵᠦᠢᠯ ᠤᠨ ᠪᠠᠯᠠ ᠮᠥᠩᠭᠦ ᠪᠠ ᠣᠷᠣᠨ ᠨᠤᠲᠤᠭ ᠤᠨ ᠡᠳ᠋ ᠤᠨ ᠵᠠᠰᠠᠭ ᠤᠨ | ᠪᠠᠯᠠ ᠮᠥᠩᠭᠦ ᠤᠯᠬᠤ ᠪᠠᠷ ᠭᠤᠤᠯ ᠪᠣᠯᠭᠠᠵᠤ᠂ 2016 ᠣᠨ ᠠᠴᠠ ᠡᠬᠢᠯᠡᠨ ᠳᠡᠭᠡᠳᠦ ᠱᠠᠲᠤᠨ ᠤ ᠲᠤᠰᠬᠠᠶ | ᠵᠦᠢᠯ ᠤᠨ ᠪᠠᠯᠠ ᠮᠥᠩᠭᠦ ᠭᠤᠶᠤᠴᠢᠯᠠᠬᠤ᠂ ᠲᠤᠰᠬᠠᠶ ᠵᠦᠢᠯ ᠤᠨ ᠵᠢᠭᠡᠯᠡᠯᠭᠡ ᠶᠢᠨ ᠲᠡᠮᠳᠡᠭᠲᠦ ᠶᠢᠨ ᠪᠠᠯᠠ ᠮᠥᠩᠭᠦ | ᠭᠤᠶᠤᠴᠢᠯᠠᠬᠤ᠂ ᠵᠠᠰᠠᠭ ᠤᠨ ᠣᠷᠳᠣᠨ ᠤ ᠲᠥᠰᠦᠪ ᠤᠨ ᠪᠠᠯᠠ ᠮᠥᠩᠭᠦ᠂ ᠰᠠᠭᠤᠭᠠᠯᠢ ᠠᠷᠠᠳ ᠤᠨ ᠥᠪᠡᠰᠦᠪᠡᠨ | ᠴᠤᠭᠯᠠᠭᠤᠯᠤᠭᠰᠠᠨ ᠪᠠᠯᠠ ᠮᠥᠩᠭᠦ᠂ ᠬᠤᠶᠠᠷ ᠨᠡᠶᠢᠲᠡ ᠶᠢᠨ ᠰᠠᠭᠤᠷᠢ ᠮᠥᠩᠭᠦ ᠶᠢ ᠬᠥᠳᠡᠯᠭᠡᠨ ᠬᠡᠷᠡᠭᠯᠡᠬᠦ᠂ ᠠᠵᠤ | ᠠᠬᠤᠶᠢᠯᠠᠯ ᠤᠨ ᠣᠷᠣᠭᠤᠯᠤᠯᠲᠠ ᠶᠢ ᠨᠡᠭᠡᠭᠡᠨ ᠬᠥᠭᠵᠢᠭᠦᠯᠬᠦ ᠵᠡᠷᠭᠡ ᠣᠯᠠᠨ ᠵᠦᠢᠯ ᠤᠨ ᠠᠷᠭ᠎ᠠ ᠵᠠᠮ ᠢᠶᠠᠷ | ᠳᠠᠮᠵᠢᠭᠤᠯᠤᠨ ᠴᠤᠭᠯᠠᠭᠤᠯᠤᠨ᠎ᠠ᠃ ᠬᠡᠷᠪᠡ ᠬᠡᠰᠡᠭ ᠪᠠᠭ᠎ᠠ ᠲᠣᠭᠤᠷᠢᠭ ᠤᠨ ᠴᠣᠩᠬᠤ ᠰᠣᠯᠢᠬᠤ ᠪᠠᠯᠠ ᠮᠥᠩᠭᠦ ᠨᠢ | ᠰᠠᠭᠤᠭᠠᠯᠢ ᠠᠷᠠᠳ ᠤᠨ ᠥᠪᠡᠰᠦᠪᠡᠨ ᠨᠢᠭᠡ ᠬᠡᠰᠡᠭ ᠢ ᠴᠤᠭᠯᠠᠭᠤᠯᠬᠤ ᠠᠴᠠ ᠢᠷᠡᠯᠲᠡ ᠲᠠᠢ ᠪᠣᠯ᠂ ᠵᠠᠰᠠᠭ ᠤᠨ | ᠣᠷᠳᠣᠨ ᠠᠴᠠ ᠨᠢᠭᠡ ᠬᠡᠰᠡᠭ ᠢ ᠨᠢ ᠨᠥᠬᠦᠪᠥᠷᠢᠯᠡᠨ᠎ᠡ︔ 2019 ᠣᠨ ᠤ ᠬᠠᠭᠤᠴᠢᠨ ᠵᠢᠵᠢᠭ ᠲᠣᠭᠤᠷᠢᠭ ᠲᠤ | ᠴᠠᠬᠢᠯᠭᠠᠨ ᠱᠠᠲᠤ ᠨᠡᠮᠡᠵᠦ ᠪᠠᠶᠢᠭᠤᠯᠬᠤ ᠪᠠᠯᠠ ᠮᠥᠩᠭᠦ ᠴᠤᠭᠯᠠᠭᠤᠯᠬᠤ ᠶᠠᠪᠤᠴᠠ ᠳᠤ᠂ ᠵᠠᠰᠠᠭ ᠤᠨ ᠣᠷᠳᠣᠨ ᠠᠴᠠ | 50 % ᠶᠢᠨ ᠨᠥᠬᠦᠪᠥᠷᠢ ᠥᠭᠬᠦ᠂ ᠰᠠᠭᠤᠭᠠᠯᠢ ᠠᠷᠠᠳ ᠥᠪᠡᠰᠦᠪᠡᠨ 50 % ᠶᠢᠨ ᠪᠠᠯᠠ ᠮᠥᠩᠭᠦ ᠴᠤᠭᠯᠠᠭᠤᠯᠬᠤ | ᠠᠷᠭ᠎ᠠ ᠮᠠᠶ᠋ᠢᠭ ᠢ ᠠᠪᠴᠤ ᠪᠠᠶᠢᠭᠠᠳ ᠪᠠᠯᠠ ᠮᠥᠩᠭᠦ ᠴᠤᠭᠯᠠᠭᠤᠯᠤᠨ᠎ᠠ᠃ | ᠭᠤᠷᠪᠠ ᠳᠤ᠂ ᠰᠠᠭᠤᠭᠠᠯᠢ ᠠᠷᠠᠳ ᠰᠠᠨᠠᠭᠠᠴᠢᠯᠠᠭ᠎ᠠ ᠠᠴᠠ ᠪᠠᠨ ︽ᠣᠷᠣᠯᠴᠠᠬᠤ︾ ᠪᠤᠯᠭᠠᠪᠠ᠃ ︽ | ᠵᠠᠰᠠᠭ ᠤᠨ ᠣᠷᠳᠣᠨ ᠤ ᠥᠭᠡᠷᠡᠴᠢᠯᠡᠯᠲᠡ᠂ ᠰᠠᠭᠤᠭᠠᠯᠢ ᠠᠷᠠᠳ ᠤᠨ ᠦᠵᠡᠯᠲᠡ︾ ᠠᠴᠠ ᠰᠠᠭᠤᠭᠠᠯᠢ ᠠᠷᠠᠳ ᠤᠨ | ᠪᠦᠬᠦ ᠶᠠᠪᠤᠴᠠ ᠳᠤ ᠣᠷᠣᠯᠴᠠᠬᠤ᠂ ᠬᠠᠮᠲᠤ ᠪᠠᠷ ᠰᠦᠪᠡᠭᠴᠢᠯᠡᠵᠦ ᠬᠠᠮᠲᠤ ᠪᠠᠷ ᠪᠠᠶᠢᠭᠤᠯᠵᠤ ᠬᠠᠮᠲᠤ ᠪᠠᠷ ᠬᠠᠮᠢᠶᠠᠷᠴᠤ | ᠬᠠᠮᠲᠤ ᠪᠠᠷ ᠦᠨᠡᠯᠡᠵᠦ ᠬᠠᠮᠲᠤ ᠪᠠᠷ ᠡᠳ᠋ᠯᠡᠬᠦ ᠪᠤᠯᠵᠤ ᠬᠤᠪᠢᠷᠠᠪᠠ᠃ ᠥᠩᠭᠡᠷᠡᠭᠰᠡᠨ ᠳᠤ᠂ ᠪᠠᠷᠢᠯᠭ᠎ᠠ ᠶᠢᠨ ᠶᠠᠰᠤ ᠴᠢᠨᠠᠷ | ᠵᠢᠴᠢ ᠪᠠᠷᠢᠯᠭ᠎ᠠ ᠶᠢᠨ ᠦᠯᠡᠳᠡᠭᠳᠡᠯ ᠠᠰᠠᠭᠤᠳᠠᠯ ᠢ ᠵᠠᠰᠠᠭ ᠤᠨ ᠣᠷᠳᠣᠨ ᠠᠴᠠ ᠦᠨᠳᠦᠰᠦᠨ ᠵᠦᠢᠯ ᠢ ᠨᠢ ᠪᠠᠲᠤᠯᠠᠨ | ᠰᠢᠢᠳᠪᠦᠷᠢᠯᠡᠬᠦ ᠶᠢ ᠱᠠᠭᠠᠷᠳᠠᠵᠤ᠂ ᠴᠠᠭ ᠬᠤᠭᠤᠴᠠᠭ᠎ᠠ ᠪᠠ ᠶᠡᠭᠡ ᠬᠡᠮᠵᠢᠶᠡᠨ ᠤ ᠤᠬᠠᠭᠤᠯᠭ᠎ᠠ ᠶᠢᠨ ᠠᠵᠢᠯ ᠢ | ᠳᠠᠭᠠᠯᠳᠤᠨ᠂ ᠰᠠᠭᠤᠭᠠᠯᠢ ᠠᠷᠠᠳ ᠤᠨ ︽ᠡᠵᠡᠨ ᠬᠥᠮᠦᠨ︾ ᠤ ᠤᠬᠠᠮᠰᠠᠷ ᠲᠠᠰᠤᠷᠠᠯᠲᠠ ᠥᠬᠡᠶ ᠳᠡᠭᠡᠭᠰᠢᠯᠡᠵᠦ᠂ | ᠥᠭᠡᠷᠡᠴᠢᠯᠡᠨ ᠰᠢᠨᠡᠳᠬᠡᠬᠦ ᠳᠤᠮᠳᠠ ᠰᠠᠭᠤᠭᠠᠯᠢ ᠠᠷᠠᠳ ᠤᠨ ᠬᠠᠮᠲᠤ ᠪᠠᠷ ᠣᠷᠣᠯᠴᠠᠬᠤ ᠶᠢ ᠠᠯᠬᠤᠮ ᠠᠯᠬᠤᠮ ᠢᠶᠠᠷ | ᠪᠡᠶᠡᠯᠡᠭᠦᠯᠵᠦ᠂ ᠰᠠᠭᠤᠭᠠᠯᠢ ᠠᠷᠠᠳ ᠤᠨ ︽ᠪᠠᠶᠢᠳᠠᠯ ᠢ ᠮᠡᠳᠡᠬᠦ ᠡᠷᠬᠡ᠂ ᠣᠷᠣᠯᠴᠠᠬᠤ ᠡᠷᠬᠡ᠂ ᠰᠣᠩᠭᠤᠬᠤ ᠡᠷᠬᠡ᠂ | ᠬᠢᠨᠠᠯᠲᠠ ᠲᠠᠯᠪᠢᠬᠤ ᠡᠷᠬᠡ︾ ᠶᠢ ᠪᠠᠲᠤᠯᠠᠵᠤ᠂ ᠰᠠᠭᠤᠭᠠᠯᠢ ᠠᠷᠠᠳ ᠤᠨ ᠵᠢᠵᠢᠭ ᠲᠣᠭᠤᠷᠢᠭ ᠢ ᠬᠠᠮᠲᠤ ᠪᠠᠷ | ᠬᠠᠮᠢᠶᠠᠷᠬᠤ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠪᠠ᠃ ᠡᠭᠦᠨ ᠤ ᠬᠠᠮᠲᠤ᠂ ᠰᠠᠭᠤᠭᠠᠯᠢ ᠲᠣᠭᠤᠷᠢᠭ ᠤᠨ | ᠬᠤᠯᠪᠣᠭᠳᠠᠬᠤ ᠨᠢᠭᠡᠴᠡ ᠪᠣᠯᠤᠨ ᠨᠡᠶᠢᠭᠡᠮ ᠤᠨ ᠬᠦᠴᠦᠨ ᠤ ᠳᠡᠮᠵᠢᠯᠭᠡ᠂ ᠥᠭᠡᠷᠡᠴᠢᠯᠡᠯᠲᠡ ᠳᠤ ᠣᠷᠣᠯᠴᠠᠬᠤ ᠶᠢ | ᠬᠦᠢᠴᠡᠳ ᠳᠠᠶᠢᠴᠢᠯᠠᠵᠤ᠂ ᠰᠢᠢᠳᠪᠦᠷᠢᠳᠦ ᠪᠣᠳᠣᠯᠭ᠎ᠠ ᠶᠢ ᠬᠠᠮᠲᠤᠪᠠᠷ ᠰᠦᠪᠡᠭᠴᠢᠯᠡᠬᠦ᠂ ᠬᠥᠭᠵᠢᠯᠲᠡ ᠶᠢ ᠬᠠᠮᠲᠤᠪᠠᠷ | ᠪᠠᠶᠢᠭᠤᠯᠬᠤ᠂ ᠪᠥᠲᠥᠭᠡᠨ ᠪᠠᠶᠢᠭᠤᠯᠤᠯᠲᠠ ᠶᠢ ᠬᠠᠮᠲᠤᠪᠠᠷ ᠬᠠᠮᠢᠶᠠᠷᠬᠤ᠂ ᠦᠷ᠎ᠡ ᠪᠦᠲᠦᠮᠵᠢ ᠶᠢ ᠬᠠᠮᠲᠤᠪᠠᠷ ᠦᠨᠡᠯᠡᠬᠦ᠂ | ᠦᠷ᠎ᠡ ᠪᠦᠲᠦᠭᠡᠯ ᠢ ᠬᠠᠮᠲᠤᠪᠠᠷ ᠡᠳ᠋ᠯᠡᠬᠦ ᠶᠢ ᠪᠡᠶᠡᠯᠡᠭᠦᠯᠬᠦ ᠬᠡᠷᠡᠭᠲᠡᠶ᠃ ᠵᠢᠱᠢᠶᠡᠯᠡᠪᠡᠯ᠄ ᠬᠡᠰᠡᠭ ᠪᠠᠭ᠎ᠠ ᠲᠣᠭᠤᠷᠢᠭ ᠤᠨ | ᠬᠤᠭᠤᠯᠠᠶ ᠶᠢᠨ ᠲᠤᠤᠷ ᠢ ᠰᠡᠯᠪᠢᠨ ᠵᠠᠰᠠᠵᠤ ᠥᠭᠡᠷᠡᠴᠢᠯᠡᠬᠦ ᠶᠠᠪᠤᠴᠠ ᠳᠤ᠂ ᠵᠠᠰᠠᠭ ᠤᠨ ᠣᠷᠳᠣᠨ ᠠᠴᠠ ᠪᠠᠭ᠎ᠠ | ᠲᠣᠭᠤᠷᠢᠭ ᠤᠨ ᠭᠤᠤᠯᠴᠢᠯᠠᠨ ᠬᠠᠮᠢᠶᠠᠷᠬᠤ ᠲᠤᠤᠷ ᠤᠨ ᠰᠡᠯᠪᠢᠨ ᠵᠠᠰᠠᠵᠤ ᠥᠭᠡᠷᠡᠴᠢᠯᠡᠬᠦ ᠠᠵᠢᠯ ᠢ ᠡᠭᠦᠷᠭᠡᠯᠡᠵᠦ᠂ | ᠡᠷᠦᠬᠡ ᠳᠣᠲᠣᠷᠠᠬᠢ ᠰᠡᠯᠪᠢᠨ ᠵᠠᠰᠠᠵᠤ ᠥᠭᠡᠷᠡᠴᠢᠯᠡᠬᠦ ᠶᠠᠪᠤᠳᠠᠯ ᠢ ᠰᠠᠭᠤᠭᠠᠯᠢ ᠠᠷᠠᠳ ᠥᠪᠡᠷ ᠲᠡᠭᠡᠨ ᠡᠭᠦᠷᠭᠡᠯᠡᠨ᠎ᠡ︔ | 2019 ᠣᠨ ᠳᠤ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠲᠤ ᠴᠠᠬᠢᠯᠭᠠᠨ ᠱᠠᠲᠤ ᠨᠡᠮᠡᠵᠦ | ᠲᠣᠬᠢᠷᠠᠭᠤᠯᠬᠤ ᠳᠤ ᠤᠭᠰᠠᠷᠠᠬᠤ ᠪᠠ ᠤᠭᠰᠠᠷᠠᠬᠤ ᠡᠰᠡᠬᠦ ᠶᠢ ᠴᠥᠮ ᠰᠠᠭᠤᠭᠠᠯᠢ ᠠᠷᠠᠳ ᠲᠣᠭᠲᠠᠭᠠᠨ᠎ᠠ᠂ ᠪᠠᠯᠠ | ᠮᠥᠩᠭᠦ ᠶᠢ ᠵᠠᠰᠠᠭ ᠤᠨ ᠣᠷᠳᠣᠨ ᠪᠠ ᠰᠠᠭᠤᠭᠠᠯᠢ ᠠᠷᠠᠳ ᠬᠠᠭᠠᠰ ᠢᠶᠠᠷ ᠡᠭᠦᠷᠭᠡᠯᠡᠵᠦ᠂ ᠰᠠᠭᠤᠭᠠᠯᠢ ᠠᠷᠠᠳ ᠨᠠᠩ | ᠢᠯᠡᠭᠦᠦ ᠣᠷᠣᠯᠴᠠᠬᠤ ᠳᠤᠷᠠᠲᠠᠶ ᠪᠤᠯᠪᠠ᠃ ᠲᠣᠰ ᠠᠵᠢᠯ ᠢ ᠥᠷᠨᠢᠭᠦᠯᠦᠭᠰᠡᠨ ᠠᠴᠠ ᠨᠠᠰᠢ ᠨᠡᠶᠢᠲᠡ 95 ᠴᠠᠬᠢᠯᠭᠠᠨ | ᠱᠠᠲᠤ ᠨᠠᠮᠠᠨ ᠭᠠᠷᠭᠠᠵᠤ᠂ 17 ᠰᠠᠭᠤᠭᠠᠯᠢ ᠲᠣᠭᠤᠷᠢᠭ ᠪᠠ 4 ᠨᠡᠶᠢᠭᠡᠮ ᠲᠣᠭᠤᠷᠢᠭ ᠲᠠᠢ ᠬᠤᠯᠪᠣᠭᠳᠠᠵᠠᠶ᠃ ᠡᠵᠡᠨ | ᠬᠤᠷᠤᠭ᠎ᠠ ᠬᠤᠰᠢᠭᠤᠨ ᠤ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠨ ᠰᠢᠨᠡᠳᠬᠡᠬᠦ ᠳᠤ ᠠᠷᠠᠳ | ᠣᠯᠠᠨ ᠤ ᠪᠣᠳᠠᠲᠤ ᠬᠡᠷᠡᠭᠴᠡᠭᠡ ᠳᠤ ᠠᠩᠬᠠᠷᠤᠯ ᠢᠶᠠᠨ ᠲᠥᠪᠯᠡᠷᠡᠭᠦᠯᠦᠨ ︽ᠳᠤᠲᠠᠭᠤᠳᠠᠯ ᠢ ᠨᠥᠬᠦᠪᠥᠷᠢᠯᠡᠵᠦ︾᠂ | ᠠᠷᠠᠳ ᠣᠯᠠᠨ ᠤ ᠣᠷᠣᠨ ᠰᠠᠭᠤᠴᠠ ᠶᠢᠨ ᠨᠥᠬᠦᠴᠡᠯ ᠢ ᠰᠠᠶᠢᠵᠢᠷᠠᠭᠤᠯᠬᠤ ᠬᠦᠰᠡᠯ ᠡᠷᠡᠮᠡᠯᠵᠡᠯ ᠢ ᠬᠦᠢᠴᠡᠳ | ᠪᠠᠳᠠᠷᠠᠭᠤᠯᠵᠤ᠂ ᠥᠭᠡᠷᠡᠴᠢᠯᠡᠨ ᠰᠢᠨᠡᠳᠬᠡᠬᠦ ᠠᠵᠢᠯ ᠤᠨ ᠬᠠᠮᠤᠭ ᠤᠨ ᠶᠡᠭᠡ ᠲᠦᠯᠬᠢᠴᠡ ᠬᠦᠴᠦᠨ ᠪᠣᠯᠪᠠ᠃ | ᠰᠠᠭᠤᠭᠠᠯᠢ ᠠᠷᠠᠳ ᠤᠨ ᠲᠣᠭᠤᠷᠢᠭ ᠤᠨ ᠣᠷᠴᠢᠨ ᠲᠣᠭᠤᠷᠢᠨ ᠨᠠᠩ ᠭᠤᠶᠣ ᠰᠠᠶᠢᠬᠠᠨ ᠪᠣᠯᠵᠣ᠂ ᠴᠢᠳᠠᠮᠵᠢ ᠨᠢ ᠨᠠᠩ | ᠪᠥᠬᠦ ᠲᠠᠯ᠎ᠠ ᠶᠢᠨ ᠪᠣᠯᠵᠣ᠂ ᠣᠷᠣᠨ ᠰᠠᠭᠤᠴᠠ ᠶᠢᠨ ᠲᠣᠭᠤᠷᠢᠭ ᠤᠨ ᠣᠷᠣᠰᠢᠨ ᠰᠠᠭᠤᠬᠤ ᠣᠷᠴᠢᠨ ᠲᠣᠭᠤᠷᠢᠨ ᠤ | ᠶᠠᠰᠤ ᠴᠢᠨᠠᠷ ᠢ ᠳᠡᠭᠡᠭᠰᠢᠯᠡᠭᠦᠯᠦᠨ᠂ ᠰᠠᠭᠤᠭᠠᠯᠢ ᠠᠷᠠᠳ ᠤᠨ ᠣᠯᠠᠨ ᠲᠦᠮᠡᠨ ᠤ ᠪᠣᠳᠠᠲᠤ ᠬᠡᠷᠡᠭᠴᠡᠭᠡ | ᠱᠠᠭᠠᠷᠳᠠᠯᠭ᠎ᠠ ᠶᠢ ᠤᠯᠠᠮ ᠨᠢᠭᠡ ᠠᠯᠬᠤᠮ ᠬᠠᠩᠭᠠᠵᠤ᠂ ᠰᠠᠭᠤᠭᠠᠯᠢ ᠠᠷᠠᠳ ᠲᠤ ᠨᠢᠳᠦᠨ ᠳᠤ ᠦᠵᠡᠭᠳᠡᠵᠦ ᠭᠠᠷ ᠲᠤ | ᠪᠠᠷᠢᠭᠳᠠᠮ᠎ᠠ ᠪᠣᠳᠠᠲᠤ ᠠᠰᠢᠭ ᠬᠦᠷᠲᠡᠭᠡᠵᠦ᠂ ᠰᠠᠭᠤᠭᠠᠯᠢ ᠠᠷᠠᠳ ᠤᠨ ᠬᠦᠷᠲᠡᠮᠵᠢ ᠶᠢᠨ ᠲᠥᠷᠥᠭᠳᠡᠯ ᠢ ᠢᠯᠡᠳᠲᠡ | ᠳᠡᠭᠡᠭᠰᠢᠯᠡᠭᠦᠯᠪᠡ᠃ | | | | | | | | |