ᠡᠵᠡᠨ ᠬᠤᠷᠤᠭ᠎ᠠ ᠬᠤᠰᠢᠭᠤ ᠤᠯᠤᠰ ᠤᠨ ᠣᠲᠣ ᠦᠶ᠎ᠡ ᠶᠢᠨ ᠡᠨᠧᠷᠭᠢ ᠶᠢᠨ ᠠᠵᠤ ᠠᠬᠤᠶ ᠶᠢᠨ ᠵᠢᠱᠢᠶ᠎ᠡ ᠦᠵᠡᠭᠦᠯᠬᠦ  ᠵᠢᠱᠢᠶᠡᠴᠢ ᠣᠷᠣᠨ ᠢ ᠢᠳᠡᠪᠬᠢᠲᠡᠶ ᠡᠭᠦᠳᠦᠨ ᠪᠠᠶᠢᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2021/12/23
     ᠨᠢᠭᠡ ᠳᠤ᠂ ᠰᠠᠯᠬᠢᠨ ᠬᠦᠴᠦᠨ ᠤ ᠴᠠᠬᠢᠯᠭᠠᠨ᠂ ᠬᠡᠷᠡᠯ ᠴᠡᠨᠡᠭ᠂ ᠤᠶᠤᠨᠲᠤ ᠨᠥᠭᠡᠴᠡ ᠡᠨᠧᠷᠭᠢ ᠵᠡᠷᠭᠡ ᠰᠢᠨ᠎ᠡ ᠡᠨᠧᠷᠭᠢ ᠶᠢᠨ ᠲᠥᠷᠥᠯ ᠵᠦᠢᠯ ᠢ ᠢᠳᠡᠪᠬᠢᠲᠡᠶ ᠪᠤᠶᠢᠵᠢᠭᠤᠯᠤᠨ ᠣᠷᠣᠭᠤᠯᠵᠤ᠂ ︽ᠰᠠᠯᠬᠢ ᠬᠡᠷᠡᠯ ᠨᠥᠭᠡᠴᠡ ᠶᠢ ᠨᠢᠭᠡ ᠲᠠᠯᠠᠪᠠᠶ ᠪᠣᠯᠭᠠᠬᠤ︾᠂ ︽ᠡᠨᠧᠷᠭᠢ ᠬᠡᠷᠡᠯ ᠨᠥᠭᠡᠴᠡ ᠶᠢ ᠨᠢᠭᠡ ᠴᠣᠭᠴᠠᠵᠢᠭᠤᠯᠬᠤ︾᠂ ︽ᠡᠨᠧᠷᠭᠢ ᠬᠡᠷᠡᠯ ᠤᠰᠤᠲᠥ᠋ᠷᠥᠭᠴᠢ ᠶᠢ ᠨᠢᠭᠡ ᠴᠣᠭᠴᠠᠵᠢᠭᠤᠯᠬᠤ︾᠎ ᠶᠢ ᠰᠦᠪᠡᠭᠴᠢᠯᠡᠨ ᠳᠡᠯᠭᠡᠷᠡᠭᠦᠯᠵᠦ᠂ ︽ᠰᠠᠯᠬᠢ ᠬᠡᠷᠡᠯ ᠤᠰᠤᠲᠥ᠋ᠷᠥᠭᠴᠢ ᠶᠢ ᠨᠥᠭᠡᠴᠡᠯᠡᠬᠦ︾ ᠮᠢᠩᠭᠠᠨ ᠳ᠋ᠦᠩᠰᠢᠭᠤᠷ ᠲᠠᠰ ᠤᠨ ᠠᠵᠤ ᠦᠢᠯᠡᠰ ᠤᠨ ᠰᠦᠷᠦᠭᠵᠢᠯ ᠢ ᠪᠥᠬᠦ ᠬᠦᠴᠦᠨ ᠢᠶᠠᠷ ᠢᠶᠠᠨ ᠪᠣᠶ ᠪᠣᠯᠭᠠᠵᠤ᠂ ᠵᠢᠶᠠᠩᠰᠦ ᠶᠢᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠢ ᠨᠡᠭᠦᠷᠡᠰᠦᠲᠥ᠋ᠷᠥᠭᠴᠢ ᠥᠬᠡᠶ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ ᠪᠣᠯᠭᠠᠨ ᠪᠠᠶᠢᠭᠤᠯᠤᠨ᠎ᠠ᠃ ᠬᠡᠷᠡᠯ ᠴᠡᠨᠡᠭ ᠤᠨ ᠠᠵᠤ ᠦᠢᠯᠡᠰ ᠢ ᠲᠦᠷᠭᠡᠳᠬᠡᠨ ᠬᠥᠭᠵᠢᠭᠦᠯᠵᠦ᠂ ᠲᠢᠶᠠᠨ ᠵᠢᠶᠤᠤ ᠪᠣᠬᠢᠷᠲᠤᠯ ᠥᠬᠡᠶ ᠡᠨᠧᠷᠭᠢ ᠶᠢᠨ ᠨᠢᠭᠡᠳᠦᠭᠡᠷ ᠬᠤᠭᠤᠴᠠᠭᠠᠨ ᠤ 50 ᠲᠦᠮᠡᠨ ᠬᠢᠯᠦᠸᠠᠲ ᠤᠨ ᠬᠡᠷᠡᠯ ᠴᠡᠨᠡᠭ ᠢᠶᠠᠷ ᠴᠠᠬᠢᠯᠭᠠᠨ ᠭᠠᠷᠭᠠᠬᠤ ᠲᠥᠷᠥᠯ ᠵᠦᠢᠯ ᠢ ᠲᠤᠤᠷ ᠲᠤ ᠨᠡᠶᠢᠯᠡᠭᠦᠯᠦᠨ ᠴᠠᠬᠢᠯᠭᠠᠨ ᠭᠠᠷᠭᠠᠬᠤ ᠶᠢ ᠪᠠᠲᠤᠯᠠᠵᠤ᠂ 100 ᠲᠦᠮᠡᠨ ᠬᠢᠯᠦᠸᠠᠲ ᠤᠨ ᠬᠡᠷᠡᠯ ᠴᠡᠨᠡᠭ ᠢᠶᠠᠷ ᠴᠠᠬᠢᠯᠭᠠᠨ ᠭᠠᠷᠭᠠᠬᠤ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠢ ᠵᠡᠷᠭᠡᠪᠡᠷ ᠡᠬᠢᠯᠡᠭᠦᠯᠦᠨ᠎ᠡ ᠃ ︽ᠣᠷᠳᠣᠰ ᠤᠨ ᠤᠰᠤᠲᠥ᠋ᠷᠥᠭᠴᠢ ᠡᠨᠧᠷᠭᠢ ᠶᠢᠨ ᠠᠵᠤ ᠦᠢᠯᠡᠰ ᠤᠨ ᠬᠦᠷᠢᠶᠡᠯᠡᠩ︾᠎ ᠢ ᠲᠥᠯᠥᠪᠵᠢᠭᠦᠯᠦᠨ ᠪᠦᠲᠦᠭᠡᠨ ᠪᠠᠶᠢᠭᠤᠯᠵᠤ᠂ ᠱᠠᠩ ᠴᠢ ᠶᠢᠨ ᠬᠤᠩ ᠶᠠᠨ᠂ ᠱᠠᠩᠬᠠᠢ ᠴᠦᠡᠭ ᠰᠤ᠋᠂ ᠰᠢᠨ ᠶᠤᠸᠠᠨ ᠬᠥᠳᠡᠯᠭᠡᠬᠦ ᠬᠦᠴᠦᠨ ᠵᠡᠷᠭᠡ ᠤᠰᠤᠲᠥ᠋ᠷᠥᠭᠴᠢ ᠶᠢᠨ ᠡᠨᠧᠷᠭᠢ ᠶᠢᠨ ᠬᠦᠨᠳᠦ ᠺᠠᠷᠲ ᠤᠨ ᠪᠦᠬᠦ ᠠᠵᠤ ᠦᠢᠯᠡᠰ ᠤᠨ ᠬᠡᠯᠬᠢᠶ᠎ᠡ ᠶᠢᠨ ᠲᠥᠷᠥᠯ ᠵᠦᠢᠯ ᠢ ᠨᠠᠶᠢᠳᠠᠪᠤᠷᠢᠵᠢᠭᠤᠯᠬᠤ ᠶᠢ ᠪᠦᠬᠦ ᠬᠦᠴᠦᠨ ᠢᠶᠠᠷ ᠠᠬᠢᠭᠤᠯᠵᠤ᠂ ︽ ᠪᠤᠬᠢᠷᠳᠤᠯ ᠦᠬᠡᠢ ᠤᠰᠤᠲᠥ᠋ᠷᠥᠭᠴᠢ︾᠎ ᠪᠠᠷ ᠤᠳᠤᠷᠢᠳᠤᠮᠵᠢ ᠪᠣᠯᠭᠠᠭᠰᠠᠨ ᠤᠰᠤᠲᠥ᠋ᠷᠥᠭᠴᠢ ᠶᠢᠨ ᠡᠨᠧᠷᠭᠢ ᠶᠢᠨ ᠠᠵᠤ ᠦᠢᠯᠡᠰ ᠤᠨ ᠪᠦᠯᠦᠭᠵᠢᠯ ᠢ ᠪᠤᠶᠢᠵᠢᠭᠤᠯᠤᠨ᠎ᠠ᠃      ᠬᠤᠶᠠᠷ ᠲᠤ᠂ ᠰᠢᠨ᠎ᠡ ᠡᠨᠧᠷᠭᠢ᠂ ᠤᠶᠤᠨᠲᠤ ᠴᠠᠬᠢᠯᠭᠠᠨ ᠲᠣᠣᠷ᠂ ᠡᠨᠧᠷᠭᠢ ᠶᠢᠨ ᠢᠨᠲ᠋ᠧᠷ ᠰᠦᠯᠵᠢᠶ᠎ᠡ ᠵᠡᠷᠭᠡ ᠬᠦᠷᠢᠶ᠎ᠡ ᠴᠠᠷᠠᠭ᠎ᠠ ᠶᠢᠨ ᠨᠥᠭᠡᠴᠡ ᠡᠨᠧᠷᠭᠢ ᠶᠢᠨ ᠬᠡᠷᠡᠭᠴᠡᠭᠡ ᠱᠠᠭᠠᠷᠳᠠᠯᠭ᠎ᠠ ᠶᠢ ᠴᠢᠩᠭ᠎ᠠ ᠠᠳᠬᠤᠵᠤ᠂ ︽ᠶᠤᠸᠠᠨ ᠵᠢᠩ ᠣᠳᠣ ᠦᠶ᠎ᠡ ᠶᠢᠨ ᠡᠨᠧᠷᠭᠢ ᠶᠢᠨ ᠲᠣᠨᠣᠭᠯᠠᠯ ᠤᠨ ᠠᠵᠤ ᠦᠢᠯᠡᠰ ᠤᠨ ᠬᠦᠷᠢᠶᠡᠯᠡᠩ︾᠎ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠨᠢᠭᠡᠳᠦᠭᠡᠷ ᠬᠤᠭᠤᠴᠠᠭᠠᠨ ᠤ 6 ᠮᠢᠩᠭᠠᠨ ᠰᠠᠶ᠎ᠠ ᠸᠠᠲ ᠤᠨ ᠴᠠᠭ ᠲᠠᠬᠢ ᠨᠥᠭᠡᠴᠡ ᠡᠨᠧᠷᠭᠢ ᠵᠢᠴᠢ ᠬᠥᠳᠡᠯᠭᠡᠬᠦ ᠬᠦᠴᠦᠨ ᠤ ᠳ᠋ᠢᠶᠠᠨ ᡂᠢ ᠶᠢᠨ ᠲᠥᠷᠥᠯ ᠵᠦᠢᠯ ᠤᠨ ᠭᠤᠣᠯ ᠴᠣᠭᠴᠠ ᠶᠢᠨ ᠠᠵᠢᠯ ᠢ ᠳᠠᠭᠤᠰᠬᠠᠬᠤ ᠶᠢ ᠪᠠᠲᠤᠯᠠᠨ᠂ 20 ᠲᠦᠮᠡᠨ ᠬᠢᠯᠦᠸᠠᠲ ᠤᠨ ︽ᠰᠠᠯᠬᠢ ᠭᠡᠷᠡᠯ ᠢ ᠢᠵᠢᠯᠢ ᠲᠠᠯᠠᠪᠠᠢ ᠲᠠᠢ ᠪᠠᠶᠢᠯᠭᠠᠬᠤ︾ ᠰᠠᠭᠤᠷᠢᠨ ᠭᠠᠵᠠᠷ ᠪᠠ 3 ᠲᠦᠮᠡᠨ ᠬᠢᠯᠦᠸᠠᠲ ᠤᠨ ︽ᠰᠠᠯᠬᠢ ᠭᠡᠷᠡᠯᠲᠦ ᠲᠠᠷᠢᠶᠠᠯᠠᠩ ᠮᠠᠯ ᠠᠵᠤ ᠠᠬᠤᠢ︾᠎ ᠶᠢᠨ ᠴᠡᠪᠡᠷᠴᠢ ᠳᠤᠯᠠᠭᠠᠯᠠᠭ᠎ᠠ ᠶᠢᠨ ᠵᠢᠱᠢᠶ᠎ᠡ ᠦᠵᠡᠭᠦᠯᠬᠦ ᠲᠥᠷᠥᠯ ᠵᠦᠢᠯ ᠢ ᠠᠰᠢᠭᠯᠠᠯᠲᠠ ᠳᠤ ᠣᠷᠣᠭᠤᠯᠤᠨ᠂ ᠰᠢᠨ᠎ᠡ ᠡᠨᠧᠷᠭᠢ ᠶᠢᠨ ᠪᠣᠬᠢᠷᠲᠤᠯ ᠦᠭᠡᠢ ᠳᠣᠣᠷ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠶᠢᠨ ︽ᠰᠣᠷᠢᠨᠵᠢᠨ ᠣᠷᠣᠨ ᠤ ᠨᠥᠯᠥᠭᠡᠯᠡᠯ︾᠎ ᠢ ᠪᠤᠢ ᠪᠣᠯᠭᠠᠨ᠎ᠠ᠃      ᠭᠤᠷᠪᠠ ᠳᠤ᠂ ᠨᠡᠭᠦᠷᠡᠰᠦ ᠶᠢ ᠴᠡᠪᠡᠷᠰᠢᠭᠦᠯᠦᠨ ᠦᠢᠯᠡᠳᠪᠦᠷᠢᠯᠡᠬᠦ ᠪᠠ ᠣᠶᠤᠨᠴᠢ ᠪᠠᠷ ᠥᠨᠳᠥᠷ ᠪᠦᠲᠦᠮᠵᠢᠲᠡᠶ ᠪᠠᠷ ᠨᠡᠭᠡᠭᠡᠨ ᠮᠠᠯᠲᠠᠬᠤ ᠶᠢ ᠠᠬᠢᠭᠤᠯᠵᠤ᠂ ᠲᠣᠮᠣ ᠬᠡᠯᠪᠡᠷᠢ ᠶᠢᠨ ᠨᠡᠭᠦᠷᠡᠰᠦᠨ ᠠᠭᠤᠷᠬᠠᠶ ᠶᠢ ᠬᠥᠲᠥᠯᠥᠨ ᠵᠢᠯᠣᠭᠤᠳᠴᠤ ᠪᠠᠶᠢᠭᠠᠳ 5 G ᠴᠢᠮᠡᠭᠡ ᠬᠤᠯᠪᠣᠭ᠎ᠠ᠂ ᠵᠣᠬᠢᠶᠠᠮᠠᠯ ᠣᠶᠤᠨ ᠴᠢᠳᠠᠪᠤᠷᠢ ᠵᠡᠷᠭᠡ ᠣᠶᠤᠨᠴᠢᠯᠠᠭᠰᠠᠨ ᠥᠭᠡᠷᠡᠴᠢᠯᠡᠯᠲᠡ ᠶᠢ ᠠᠬᠢᠭᠤᠯᠵᠤ᠂ ᠭᠠᠷᠳᠠᠮ ᠬᠦᠢᠴᠡᠳᠭᠡᠬᠦ ᠶᠢ ᠪᠥᠬᠦ ᠬᠦᠴᠦᠨ ᠢᠶᠠᠷ ᠢᠶᠠᠨ ᠲᠦᠷᠭᠡᠳᠬᠡᠵᠦ᠂ ᠴᠢᠨᠠᠷ ᠰᠠᠶᠢᠲᠠᠶ ᠦᠢᠯᠡᠳᠪᠦᠷᠢᠯᠡᠬᠦ ᠴᠢᠳᠠᠪᠤᠷᠢ ᠶᠢ ᠡᠮᠬᠢ ᠵᠢᠷᠤᠮ ᠲᠠᠢ ᠪᠠᠷ ᠭᠠᠷᠭᠠᠨ᠎ᠠ᠃ ︽ᠠᠮᠠᠷᠬᠠᠨ ᠡᠨᠧᠷᠭᠢ ᠨᠡᠪᠲᠡᠷᠡᠬᠦ︾ ᠣᠶᠤᠨᠴᠢ ᠡᠨᠧᠷᠭᠢ ᠶᠢᠨ ᠲᠠᠪᠴᠠᠩ ᠪᠠ ᠬᠠᠶᠢᠯᠠᠰᠤ ᠬᠤᠭᠤᠯᠠᠢ ᠲᠡᠮᠦᠷ ᠵᠠᠮ ᠤᠨ ᠲᠤᠰᠬᠠᠢ ᠱᠤᠭᠤᠮ ᠤᠨ ᠪᠦᠲᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠠᠬᠢᠭᠤᠯᠵᠤ᠂ ᠵᠠᠰᠠᠭ ᠤᠨ ᠪᠣᠳᠠᠰ ᠤᠨ ᠭᠦᠢᠯᠭᠡᠭᠡᠨ ᠤ ᠬᠦᠷᠢᠶᠡᠯᠡᠩ ᠲᠣᠭᠤᠷᠢᠭ᠂ ᠡᠵᠡᠨ ᠬᠤᠷᠤᠭ᠎ᠠ ᠶᠢᠨ ᠨᠡᠭᠦᠷᠡᠰᠦᠨ ᠤ ᠪᠣᠳᠠᠰ ᠤᠨ ᠭᠦᠢᠯᠭᠡᠭᠡᠨ ᠤ ᠬᠦᠷᠢᠶᠡᠯᠡᠩ ᠲᠣᠭᠤᠷᠢᠭ ᠬᠤᠯᠪᠣᠭᠠᠯᠠᠨ ᠦᠢᠯᠡᠳᠪᠦᠷᠢᠯᠡᠯ ᠦᠢᠯᠡᠴᠢᠯᠡᠭᠡᠨ ᠤ ᠬᠡᠯᠪᠡᠷᠢ ᠶᠢᠨ ᠤᠯᠤᠰ ᠠᠴᠠ ᠪᠣᠳᠠᠰ ᠤᠨ ᠭᠦᠢᠯᠭᠡᠭᠡᠨ ᠤ ᠬᠦᠢᠰᠦ ᠶᠢ ᠡᠭᠦᠳᠦᠨ ᠪᠠᠶᠢᠭᠤᠯᠬᠤ ᠶᠢ ᠳᠠᠮᠵᠢᠵᠤ᠂ ᠳ᠋ᠦᠩ ᠲᠠᠢ ᠲᠡᠮᠦᠷ ᠵᠠᠮ ᠢ ᠡᠨᠡ ᠵᠢᠯ ᠪᠠᠷᠢᠯᠭ᠎ᠠ ᠡᠬᠢᠯᠡᠭᠦᠯᠬᠦ ᠪᠠᠷ ᠴᠢᠷᠮᠠᠶᠢᠵᠤ᠂ ᠪᠦᠬᠦ ᠵᠢᠯ ᠳᠤ ᠴᠢᠨᠠᠷ ᠰᠠᠶᠢᠲᠠᠢ ᠨᠡᠭᠦᠷᠡᠰᠦ 2 ᠳ᠋ᠦᠩᠰᠢᠭᠤᠷ ᠲᠣᠨ ᠠᠴᠠ ᠳᠡᠭᠡᠭᠰᠢ ᠬᠠᠩᠭᠠᠬᠤ ᠶᠢ ᠪᠠᠲᠤᠯᠠᠵᠤ᠂ ᠤᠯᠤᠰ ᠠᠴᠠ ᠡᠨᠧᠷᠭᠢ ᠶᠢᠨ ᠠᠮᠤᠷ ᠲᠦᠪᠰᠢᠨ ᠤ ᠬᠠᠩᠭᠠᠯᠭ᠎ᠠ ᠳᠤ ᠢᠳᠡᠪᠬᠢᠲᠡᠢ ᠬᠤᠪᠢ ᠨᠡᠮᠡᠷᠢ ᠦᠵᠡᠭᠦᠯᠦᠨ᠎ᠡ᠃      ᠲᠦᠷᠪᠡ ᠳᠤ᠂ ᠬᠡᠯᠬᠢᠶ᠎ᠡ ᠶᠢ ᠤᠷᠲᠤᠳᠬᠠᠨ ᠬᠡᠯᠬᠢᠶ᠎ᠡ ᠶᠢ ᠨᠥᠬᠦᠪᠥᠷᠢᠯᠡᠵᠦ ᠬᠡᠯᠬᠢᠶ᠎ᠡ ᠶᠢ ᠴᠢᠩᠭᠠᠳᠬᠠᠵᠤ᠂ ᠬᠤᠢ ᠨᠧᠩ ᠨᠡᠭᠦᠷᠡᠰᠦ ᠪᠠᠷ ᠰᠢᠲᠠᠮᠠᠬᠠᠢ ᠬᠡᠢ ᠦᠢᠯᠡᠳᠬᠦ ᠬᠤᠶᠠᠳᠤᠭᠠᠷ ᠬᠤᠭᠤᠴᠠᠭ᠎ᠠ᠂ ᠰᠢᠨ ᠨᠦᠸᠧ ᠵᠧᠩ ᠨᠧᠩ ᠠᠵᠤ ᠦᠢᠯᠡᠰ ᠤᠨ  ᠬᠡᠯᠬᠢᠶ᠎ᠡ ᠶᠢ ᠤᠷᠲᠤᠳᠬᠠᠬᠤ ᠲᠦᠷᠦᠯ ᠵᠦᠢᠯ ᠤᠨ ᠪᠠᠷᠢᠯᠭ᠎ᠠ ᠳᠠᠭᠤᠰᠴᠤ ᠠᠰᠢᠭᠯᠠᠯᠲᠠ ᠳᠤ ᠣᠷᠣᠬᠤ ᠶᠢ ᠪᠠᠲᠤᠯᠠᠵᠤ᠂ ᠪᠦᠦ ᠲᠠᠢ ᠯᠦᠩ ᠡᠷᠬᠢᠯᠳᠡᠳᠦ ᠠᠵᠤ ᠦᠢᠯᠡᠰ ᠤᠨ ᠬᠡᠯᠬᠢᠶ᠎ᠡ ᠶᠢᠨ ᠲᠦᠷᠦᠯ ᠵᠦᠢᠯ ᠢ ᠨᠠᠶᠢᠳᠠᠪᠤᠷᠢᠵᠢᠭᠤᠯᠤᠨ ᠡᠬᠢᠯᠡᠭᠦᠯᠬᠦ ᠪᠠᠷ ᠴᠢᠷᠮᠠᠶᠢᠵᠤ᠂ ᠤᠯᠤᠰ ᠤᠨ ᠴᠠᠬᠢᠯᠭᠠᠨ ᠬᠦᠴᠦᠨ ᠤ ᠪᠦᠯᠦᠭᠯᠡᠯ ᠤᠨ ᠴᠠᠬᠢᠯᠭᠠᠨ ᠭᠠᠷᠭᠠᠬᠤ ᠦᠢᠯᠡᠳᠪᠦᠷᠢ ᠶᠢᠨ ᠬᠤᠶᠠᠳᠤᠭᠠᠷ ᠬᠤᠭᠤᠴᠠᠭᠠᠨ ᠤ ᠢᠨᠵᠧᠨᠧᠷᠢᠩ ᠢ ᠪᠦᠬᠦ ᠲᠠᠯ᠎ᠠ ᠪᠠᠷ ᠡᠬᠢᠯᠡᠭᠦᠯᠵᠦ᠂ ᠠᠵᠤ ᠦᠢᠯᠡᠰ ᠤᠨ ᠳᠡᠭᠡᠳᠦ ᠲᠦᠪᠰᠢᠨᠴᠢᠯᠡᠭᠰᠡᠨ᠂ ᠦᠢᠯᠡᠳᠬᠦᠨ ᠤ ᠦᠵᠦᠭᠦᠷᠴᠢᠯᠡᠭᠰᠡᠨ ᠲᠦᠪᠰᠢᠨ ᠢ ᠴᠢᠨᠠᠭᠰᠢᠳᠠ ᠳᠡᠭᠡᠭᠰᠢᠯᠡᠭᠦᠯᠦᠨ᠎ᠡ᠃
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号