ᠶᠠᠨ ᠼᠠᠢ ᠢᠥᠢ
ᠨᠡᠶᠢᠲᠡᠯᠡᠭᠰᠡᠨ ᠴᠠᠭ᠄
2021/12/24
ᠲᠤᠰᠢᠶᠠᠯ      ᠡᠵᠡᠨ ᠬᠤᠷᠤᠭ᠎ᠠ ᠬᠤᠰᠢᠭᠤᠨ ᠤ ᠨᠠᠮ ᠤᠨ ᠬᠤᠷᠢᠶᠠᠨ ᠤ ᠲᠡᠳ᠋ ᠱᠦᠵᠢ᠂ ᠤᠯᠤᠰ ᠲᠦᠷᠦ ᠬᠠᠤᠯᠢ ᠴᠠᠭᠠᠵᠠ ᠶᠢᠨ ᠵᠦᠪᠯᠡᠯ ᠤᠨ ᠱᠦᠵᠢᠠᠵᠢᠯ ᠤᠨ ᠬᠤᠪᠢᠶᠠᠷᠯᠠᠯ      ᠬᠤᠸᠠ ᠷᠦᠢ ᠹᠧᠩ ᠨᠦᠬᠦᠷ ᠢ ᠬᠠᠪᠰᠤᠷᠤᠨ ᠨᠠᠮ ᠤᠨ ᠪᠠᠶᠢᠭᠤᠯᠤᠯᠳᠠ ᠶᠢᠨ ᠠᠵᠢᠯ ᠢ ᠠᠳᠬᠤᠵᠤ᠂ ᠬᠤᠰᠢᠭᠤ ᠨᠠᠮ ᠤᠨ ᠬᠤᠷᠢᠶᠠᠨ ᠤ ᠱᠦᠵᠢ ᠶᠢᠨ ᠨᠠᠶᠢᠳᠠᠯᠭ᠎ᠠ ᠪᠠᠷ ᠬᠠᠮᠢᠶ᠎ᠠ ᠪᠦᠬᠦᠢ ᠠᠵᠢᠯ ᠢ ᠬᠠᠷᠢᠭᠤᠴᠠᠨ᠎ᠠ᠃ ᠪᠦᠯᠬᠦᠮ᠂ ᠬᠦᠳᠡᠭᠡ ᠲᠤᠰᠬᠤᠨ ᠮᠠᠯᠵᠢᠬᠤ ᠤᠷᠤᠨ᠂ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ᠂ ᠬᠠᠤᠯᠢ ᠶᠤᠰᠤᠭᠠᠷ ᠬᠤᠰᠢᠭᠤ ᠪᠠᠨ ᠵᠠᠰᠠᠬᠤ᠂ ᠤᠯᠤᠰ ᠲᠦᠷᠦ ᠬᠠᠤᠯᠢ ᠴᠠᠭᠠᠵᠠ ᠵᠠᠬᠢᠳᠠᠯ ᠰᠤᠷᠪᠤᠯᠵᠢᠯᠠᠯ ᠲᠤᠭᠳᠠᠭᠤᠨ ᠢ ᠪᠠᠳᠤᠯᠠᠬᠤ᠂ ᠰᠤᠷᠭᠠᠨ ᠬᠦᠮᠦᠵᠢᠯ ᠤᠨ ᠠᠵᠢᠯ ᠢ ᠬᠠᠷᠢᠭᠤᠴᠠᠨ᠎ᠠ᠃ ᠬᠤᠰᠢᠭᠤ ᠨᠠᠮ ᠤᠨ ᠬᠤᠷᠢᠶᠠᠨ ᠤ ᠤᠯᠤᠰ ᠲᠦᠷᠦ ᠬᠠᠤᠯᠢ ᠴᠠᠭᠠᠵᠠ ᠶᠢᠨ ᠵᠦᠪᠯᠡᠯ ᠤᠨ ᠪᠦᠬᠦ ᠲᠠᠯ᠎ᠠ ᠶᠢᠨ ᠠᠵᠢᠯ ᠢ ᠡᠷᠬᠢᠯᠡᠨ᠎ᠡ᠃ ᠬᠤᠰᠢᠭᠤᠨ ᠤ ᠠᠵᠢᠯᠴᠢᠨ ᠤ ᠶᠡᠷᠦᠩᠬᠡᠢ ᠡᠪᠯᠡᠯ᠂ ᠡᠪ ᠬᠠᠮᠳᠤ ᠵᠠᠯᠠᠭᠤᠴᠤᠳ ᠤᠨ ᠬᠤᠰᠢᠭᠤᠨ ᠤ ᠡᠪᠯᠡᠯ ᠤᠨ ᠬᠤᠷᠢᠶ᠎ᠡ᠂ ᠬᠤᠰᠢᠭᠤᠨ ᠤ ᠡᠮᠡᠭᠳᠡᠶᠢᠴᠦᠳ ᠤᠨ ᠬᠤᠯᠪᠤᠭᠠᠳᠤ ᠬᠤᠷᠠᠯ᠂ ᠬᠤᠰᠢᠭᠤᠨ ᠤ ᠵᠡᠮᠳᠡᠭᠴᠦᠳ ᠤᠨ ᠬᠤᠯᠪᠤᠭᠠᠳᠤ ᠬᠤᠷᠠᠯ᠂ ᠬᠤᠰᠢᠭᠤᠨ ᠤ ᠤᠯᠠᠭᠠᠨ ᠵᠠᠭᠠᠯᠮᠠᠶᠢᠳᠠᠨ ᠤ ᠨᠡᠶᠢᠬᠡᠮᠯᠢᠭ ᠢ ᠬᠤᠪᠢᠳᠠᠨ ᠬᠠᠮᠢᠶᠠᠷᠤᠨ᠎ᠠ᠃ ᠬᠤᠰᠢᠭᠤᠨ ᠤ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠪᠠᠶᠢᠩᠭᠤ ᠬᠤᠷᠢᠶ᠎ᠡ᠂ ᠬᠤᠰᠢᠭᠤᠨ ᠤ ᠤᠯᠤᠰ ᠲᠦᠷᠦ ᠶᠢᠨ ᠵᠦᠪᠯᠡᠯᠬᠡᠨ᠂ ᠬᠤᠰᠢᠭᠤᠨ ᠤ ᠰᠢᠬᠦᠬᠦ ᠬᠤᠷᠢᠶ᠎ᠡ᠂ ᠬᠤᠰᠢᠭᠤᠨ ᠤ ᠪᠠᠶᠢᠴᠠᠭᠠᠬᠤ ᠬᠤᠷᠢᠶ᠎ᠡ ᠲᠠᠢ ᠬᠠᠷᠢᠯᠴᠠᠨ᠎ᠠ᠃ ᠬᠤᠨᠢᠴᠢᠨ ᠭᠤᠣᠯ ᠪᠠᠯᠭᠠᠰᠤ ᠶᠢ ᠬᠤᠯᠪᠤᠭᠠᠯᠠᠨ ᠲᠠᠭᠠᠭᠠᠴᠢᠯᠠᠨ᠎ᠠ᠃ ᠬᠤᠪᠢ ᠬᠦᠮᠦᠨ ᠤ ᠲᠠᠨᠢᠯᠴᠠᠭᠤᠯᠭ᠎ᠠ      ᠶᠡᠨ ᠼᠠᠢ ᠢᠦᠢ᠂ ᠡᠮᠡᠭᠳᠠᠢ᠂ ᠬᠢᠳᠠᠳ ᠦᠨᠳᠦᠰᠦᠳᠡᠨ᠂ 1981 ᠤᠨ ᠤ 10 ᠰᠠᠷ᠎ᠠ ᠳᠤ ᠲᠦᠷᠦᠵᠦ᠂ ᠶᠡᠭᠡ ᠰᠤᠷᠭᠠᠭᠤᠯᠢ ᠶᠢᠨ ᠰᠤᠷᠤᠯᠭ᠎ᠠ ᠶᠢᠨ ᠨᠠᠮᠳᠠᠷ ᠎ ᠲᠠᠢ᠂ ᠡᠵᠡᠨ ᠬᠤᠷᠤᠭ᠎ᠠ ᠬᠤᠰᠢᠭᠤᠨ ᠤ ᠨᠠᠮ ᠤᠨ ᠬᠤᠷᠢᠶᠠᠨ ᠤ ᠲᠡᠳ᠋ ᠱᠦᠵᠢ᠂ ᠤᠯᠤᠰ ᠲᠦᠷᠦ ᠬᠠᠤᠯᠢ ᠴᠠᠭᠠᠵᠠ ᠶᠢᠨ ᠵᠦᠪᠯᠡᠯ ᠤᠨ ᠱᠦᠵᠢ ᠶᠢᠨ ᠲᠤᠰᠢᠶᠠᠯ ᠢ ᠡᠭᠦᠷᠭᠡᠯᠡᠨ᠎ᠡ᠃        2003.08--- 2011.09    ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠣᠷᠳᠣᠰ ᠬᠤᠲᠠ ᠶᠢᠨ ᠤᠯᠤᠰ ᠲᠦᠷᠦ ᠶᠢᠨ ᠵᠦᠪᠯᠡᠯᠭᠡᠨ ᠤ ᠠᠯᠪᠠᠨ ᠲᠢᠩᠬᠢᠮ ᠳᠤ ᠠᠵᠢᠯᠯᠠᠵᠤ᠂ 2006.08 ᠠᠵᠢᠯᠳᠠᠨ ᠤ ᠶᠠᠪᠤᠳᠠᠯ ᠤᠨ ᠲᠡᠳ᠋ ᠭᠠᠵᠠᠷ ᠤᠨ ᠲᠠᠷᠤᠭ᠎ᠠ᠂ 2007.09 ᠨᠠᠷᠢᠨ ᠪᠢᠴᠢᠭᠡᠴᠢ ᠶᠢᠨ ᠭᠠᠵᠠᠷ ᠤᠨ ᠳᠡᠳ᠋ ᠳᠠᠷᠤᠭ᠎ᠠ ︵ᠠᠵᠢᠯ ᠡᠷᠬᠢᠯᠡᠪᠡ︶᠂ 2008.07 ᠨᠠᠷᠢᠨ ᠪᠢᠴᠢᠭᠡᠴᠢ ᠶᠢᠨ ᠳᠠᠷᠤᠭ᠎ᠠ ᠶᠢᠨ ᠲᠤᠰᠢᠶᠠᠯ ᠡᠭᠦᠷᠭᠡᠯᠡᠵᠤ ᠪᠠᠶᠢᠪᠠ᠃      2011.09 --- 2017.10 ᠡᠪ ᠬᠠᠮᠳᠤ ᠶᠣᠰᠤᠨ ᠤ ᠵᠠᠯᠠᠭᠤᠴᠤᠳ ᠤᠨ ᠣᠷᠳᠣᠰ ᠬᠤᠲᠠ ᠶᠢᠨ ᠬᠤᠷᠢᠶ᠎ᠠ ᠶᠢᠨ ᠨᠠᠮ ᠤᠨ ᠳᠤᠭᠤᠶᠢᠯᠠᠩ ᠤᠨ ᠬᠡᠰᠢᠭᠦᠨ ᠂ ᠳᠡᠳ᠋ ᠱᠦᠵᠢ᠃      2017.10 --- 2021.06  ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠡᠵᠡᠨ ᠬᠤᠷᠤᠭ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠨᠠᠮ ᠤᠨ ᠳᠤᠭᠤᠶᠢᠯᠠᠩ ᠤᠨ ᠬᠡᠰᠢᠭᠦᠨ᠂ ᠬᠤᠰᠢᠭᠤ ᠳᠡᠳ᠋ ᠳᠠᠷᠤᠭ᠎ᠠ᠃      2021.06 --- 2022.03  ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠡᠵᠡᠨ ᠬᠤᠷᠤᠭ᠎ᠠ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂ ᠵᠠᠰᠠᠭ ᠤᠨ ᠣᠷᠳᠣᠨ ᠤ ᠨᠠᠮ ᠤᠨ ᠳᠤᠭᠤᠶᠢᠯᠠᠩ ᠤᠨ ᠬᠡᠰᠢᠭᠦᠨ᠂ ᠬᠤᠰᠢᠭᠤ ᠳᠡᠳ᠋ ᠳᠠᠷᠤᠭ᠎ᠠ᠃      2022.03 --- ᠤᠳᠤ ᠪᠤᠯᠳᠠᠯ᠎ᠠ  ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠡᠵᠡᠨ ᠬᠤᠷᠤᠭ᠎ᠠ ᠬᠤᠰᠢᠭᠤᠨ ᠤ ᠨᠠᠮ ᠤᠨ ᠬᠤᠷᠢᠶᠠᠨ ᠤ ᠲᠡᠳ᠋ ᠱᠦᠵᠢ᠂ ᠤᠯᠤᠰ ᠲᠦᠷᠦ ᠬᠠᠤᠯᠢ ᠴᠠᠭᠠᠵᠠ ᠶᠢᠨ ᠵᠦᠪᠯᠡᠯ ᠤᠨ ᠱᠦᠵᠢ᠃
ᠢᠷᠡᠯᠲᠡ᠄ ᠲᠤᠰ ᠰᠦᠯᠵᠢᠶ᠎ᠡ