ᠡᠵᠡᠨ ᠬᠤᠷᠤᠭ᠎ᠠ ᠬᠤᠰᠢᠭᠤᠨ ᠤ ᠠᠯᠳᠠᠨᠰᠢᠷᠡᠭᠡ ᠪᠠᠯᠭᠠᠰᠤ ︽ᠬᠠᠯᠠᠭᠤᠨ ᠰᠡᠳᠬᠢᠯ ᠢᠶᠠᠷ ᠠᠵᠢᠯ ᠣᠯᠭᠤᠯᠲᠠ ᠎ ᠶᠢ ᠠᠬᠢᠭᠤᠯᠵᠤ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ︾ ᠠᠵᠢᠯᠳᠠᠨ ᠡᠯᠰᠡᠬᠦ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2021/12/29
       ᠤᠶᠢᠷ᠎ᠠ ᠳᠤ᠂ ᠡᠵᠡᠨ ᠬᠤᠷᠤᠭ᠎ᠠ ᠬᠤᠰᠢᠭᠤᠨ ᠤ ᠠᠯᠳᠠᠨᠰᠢᠷᠡᠭᠡ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠨᠠᠮ ᠤᠨ ᠲᠡᠦᠬᠡ ᠶᠢᠨ ᠰᠤᠷᠤᠯᠴᠠᠯᠭ᠎ᠠ ᠬᠦᠮᠦᠵᠢᠯ ᠤᠨ ᠠᠵᠢᠯᠯᠠᠭ᠎ᠠ ᠶᠢ ᠰᠠᠶᠢᠳᠤᠷ ᠦᠢᠯᠡᠳᠦᠯᠭᠡᠵᠢᠬᠦᠯᠬᠦ ᠎ ᠶᠢᠨ ᠲᠦᠯᠦᠭᠡ᠂ ᠬᠤᠰᠢᠭᠤᠨ ᠤ ᠠᠵᠢᠯ ᠣᠯᠭᠤᠯᠲᠠ ᠪᠠ ᠨᠡᠶᠢᠭᠡᠮ ᠤᠨ ᠳᠠᠭᠠᠳᠬᠠᠯ ᠤᠨ ᠦᠶᠯᠡᠰ ᠤᠨ ᠲᠥᠪ᠂ ᠬᠤᠰᠢᠭᠤᠨ ᠤ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ ᠲᠣᠪᠴᠢᠶ᠎ᠠ ᠲᠠᠢ ᠬᠠᠮᠳᠤᠷᠠᠨ᠂ ᠪᠣᠯᠪᠠᠰᠤᠨ ᠵᠡᠭᠡᠯᠢ ᠨᠡᠶᠢᠭᠡᠮ ᠲᠣᠭᠤᠷᠢᠭ ᠲᠤ ︽ᠬᠠᠯᠠᠭᠤᠨ ᠰᠡᠳᠬᠢᠯ ᠢᠶᠠᠷ ᠠᠵᠢᠯ ᠣᠯᠭᠤᠯᠲᠠ ᠶᠢ ᠠᠬᠢᠭᠤᠯᠵᠤ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ︾ ᠠᠵᠢᠯᠲᠠᠨ ᠡᠯᠰᠡᠬᠦ ᠠᠵᠢᠯᠯᠠᠭ᠎ᠠ ᠶᠢ ᠦᠷᠨᠢᠬᠦᠯᠪᠡ᠃ 22 ᠠᠵᠢᠯᠲᠠᠨ ᠡᠯᠰᠡᠬᠦ ᠠᠵᠤ ᠠᠬᠤᠶᠢᠯᠠᠯ 500 ᠰᠢᠬᠠᠮ ᠠᠵᠢᠯ ᠤᠨ ᠪᠠᠶᠢᠷᠢ ᠬᠠᠩᠭᠠᠵᠤ᠂ 200 ᠭᠠᠷᠤᠶ ᠬᠥᠮᠦᠨ ᠡᠯᠰᠡᠭᠳᠡᠨ᠂ 60 ᠭᠠᠷᠤᠶ ᠠᠵᠢᠯ ᠣᠯᠤᠭᠠᠳᠤᠶ ᠣᠶᠤᠲᠠᠨ᠂ ᠴᠡᠷᠢᠭ ᠠᠴᠠ ᠬᠠᠯᠠᠭᠳᠠᠭᠰᠠᠳ ᠵᠢᠴᠢ ᠠᠵᠢᠯ ᠤᠯᠬᠤ ᠳᠤ ᠬᠦᠴᠢᠷᠲᠡᠶ ᠬᠥᠮᠦᠰ ᠠᠵᠢᠯ ᠤᠯᠬᠤ ᠰᠠᠨᠠᠮᠵᠢ ᠲᠠᠢ ᠪᠣᠯᠵᠠᠶ᠃      ᠪᠠᠯᠭᠠᠰᠤᠨ ᠤ ᠳᠤᠮᠳᠠ ᠪᠠᠭ᠎ᠠ ᠠᠵᠤ ᠠᠬᠤᠶᠢᠯᠠᠯ ᠵᠢᠴᠢ ᠬᠤᠪᠢ ᠶᠢᠨ ᠬᠤᠳᠠᠯᠳᠤᠭᠠᠴᠢᠨ ᠡᠷᠦᠬᠡ ᠶᠢᠨ ᠠᠵᠢᠯ ᠲᠥᠷᠥᠯ ᠤᠨ ᠰᠠᠶᠢᠨ ᠬᠥᠭᠵᠢᠯᠲᠡ ᠶᠢ ᠤᠯᠠᠮ ᠨᠢᠭᠡ ᠠᠯᠬᠤᠮ ᠵᠣᠷᠢᠭᠵᠢᠭᠤᠯᠵᠤ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠦᠨ᠂ ᠠᠳᠠᠯ ᠦᠶᠯᠡᠰ ᠴᠣᠭᠴᠠᠯᠠᠬᠤ ᠬᠦᠷᠢᠶᠡᠨ ᠤ ᠠᠵᠢᠯᠲᠠᠳ ᠤᠨ ᠠᠳᠠᠯ ᠦᠶᠯᠡᠰ ᠴᠣᠭᠴᠠᠯᠠᠬᠤ ᠪᠠ ᠠᠵᠢᠯ ᠤᠨ ᠬᠠᠯᠠᠭᠤᠨ ᠰᠡᠳᠬᠢᠯᠭᠡ ᠶᠢ ᠬᠥᠭᠵᠢᠭᠡᠵᠦ᠂ ᠠᠳᠠᠯ ᠦᠶᠯᠡᠰ ᠴᠣᠭᠴᠠᠯᠠᠬᠤ ᠪᠠᠷ ᠠᠵᠢᠯ ᠣᠯᠭᠤᠯᠲᠠ ᠶᠢ ᠳᠠᠶᠢᠴᠢᠯᠠᠬᠤ ᠶᠢᠨ ᠲᠥᠯᠥᠭᠡ᠂ ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠳᠤ ᠠᠳᠠᠯ ᠦᠶᠯᠡᠰ ᠴᠣᠭᠴᠠᠯᠠᠵᠤ ᠠᠵᠢᠯ ᠣᠯᠭᠤᠬᠤ ᠵᠢᠴᠢ ᠠᠵᠢᠯ ᠣᠯᠭᠤᠯᠲᠠ ᠶᠢ ᠳᠠᠶᠢᠴᠢᠯᠠᠬᠤ ᠠᠵᠢᠯ ᠤᠨ ᠳᠤᠮᠳᠠ ᠢᠯᠡᠳᠲᠡ ᠠᠮᠵᠢᠯᠲᠠ ᠪᠦᠲᠦᠮᠵᠢ ᠣᠯᠤᠭᠰᠠᠨ 20 ᠠᠳᠠᠯ ᠦᠶᠯᠡᠰ ᠴᠣᠭᠴᠠᠯᠠᠵᠤ ᠠᠵᠢᠯ ᠣᠯᠭᠤᠬᠤ ᠵᠢᠱᠢᠶ᠎ᠡ ᠦᠵᠡᠭᠦᠯᠬᠦ ᠡᠷᠦᠬᠡ ᠶᠢ ᠬᠥᠬᠢᠭᠦᠯᠦᠨ ᠰᠠᠶᠢᠰᠢᠶᠠᠵᠤ᠂ ᠲᠡᠳᠡᠨ ᠳᠤ ᠢᠷᠠᠭᠤ ᠠᠯᠳᠠᠷ ᠤᠨ ᠦᠨᠡᠮᠯᠡᠯ ᠪᠠ ᠱᠠᠩᠨᠠᠯ ᠤᠨ ᠬᠤᠨᠳᠠᠭ᠎ᠠ ᠣᠯᠭᠤᠪᠠ  ᠃      ᠦᠢᠯᠡᠰ ᠪᠤᠰᠬᠠᠵᠦ ᠠᠵᠢᠯ ᠣᠯᠭᠤᠬᠤ ᠠᠵᠢᠯ ᠢ ᠰᠠᠶᠢᠲᠤᠷ ᠬᠢᠬᠦ ᠨᠢ ᠬᠥᠭᠵᠢᠯᠲᠡ ᠶᠢᠨ ᠴᠢᠬᠤᠯᠠ ᠵᠦᠢᠯ ᠪᠤᠯᠬᠤ ᠮᠦᠷᠳᠡᠭᠡᠨ ᠠᠷᠠᠳ ᠤᠨ ᠰᠡᠳᠬᠢᠯ ᠢ ᠲᠤᠯᠠᠭᠠᠴᠠᠭᠤᠯᠬᠤ ᠠᠵᠢᠯ ᠪᠣᠯᠤᠨ᠎ᠠ᠃ ᠲᠣᠰ ᠤᠳᠠᠭᠠᠨ ᠤ ᠤᠷᠢᠵᠤ ᠡᠯᠰᠡᠬᠦ ᠠᠵᠢᠯᠯᠠᠭᠠᠨ ᠨᠢ ᠡᠯ᠎ᠡ ᠲᠥᠷᠥᠯ ᠤᠨ ᠴᠢᠳᠠᠪᠤᠷᠢᠲᠠᠨ ᠪᠠ ᠬᠤᠳᠠᠯᠳᠤᠭᠠᠨ ᠤ ᠲᠣᠭᠤᠷᠢᠭ ᠤᠨ ᠰᠣᠯᠢᠯᠴᠠᠭ᠎ᠠ ᠦᠢᠯᠡᠳᠦᠯᠴᠡᠭᠡᠨ ᠤ ᠲᠠᠪᠴᠠᠩ ᠢ ᠪᠠᠶᠢᠭᠤᠯᠵᠤ᠂ ᠠᠯᠳᠠᠨᠰᠢᠷᠡᠭᠡ ᠪᠠᠯᠭᠠᠰᠤᠨ ᠤ ᠠᠳᠠᠯ ᠦᠶᠯᠡᠰ ᠴᠣᠭᠴᠠᠯᠠᠵᠤ ᠠᠵᠢᠯ ᠣᠯᠭᠤᠬᠤ ᠦᠶᠯᠡᠴᠢᠯᠡᠭᠡᠨ ᠤ ᠰᠢᠰᠲ᠋ᠧᠮ ᠢ ᠤᠯᠠᠮ ᠨᠢᠭᠡ ᠠᠯᠬᠤᠮ ᠰᠢᠯᠢᠳᠡᠭᠵᠢᠭᠦᠯᠦᠨ ᠲᠡᠭᠦᠯᠳᠡᠷᠵᠢᠭᠦᠯᠵᠦ᠂ ᠰᠠᠭᠤᠭᠠᠯᠢ ᠠᠷᠠᠳ ᠤᠨ ᠠᠵᠢᠯ ᠣᠯᠭᠤᠯᠲᠠ ᠶᠢᠨ ᠠᠷᠭ᠎ᠠ ᠵᠠᠮ ᠢ ᠥᠷᠭᠡᠳᠬᠡᠨ᠂ ᠰᠠᠭᠤᠭᠠᠯᠢ ᠠᠷᠠᠳ ᠤᠨ ᠣᠷᠣᠯᠭ᠎ᠠ ᠎ ᠶᠢ ᠨᠡᠮᠡᠭᠳᠡᠭᠦᠯᠵᠦ᠂ ᠠᠵᠤ ᠠᠬᠤᠶ ᠶᠢᠨ ᠨᠡᠮᠡᠭᠳᠡᠯ ᠢ ᠳᠠᠶᠢᠴᠢᠯᠠᠨ᠂ ᠦᠨᠳᠦᠰᠦᠨ ᠱᠠᠲᠤᠨ ᠤ ᠵᠠᠰᠠᠯᠲᠠ ᠶᠢ ᠠᠬᠢᠭᠤᠯᠵᠤ᠂ ᠣᠷᠣᠰᠢᠨ ᠠᠮᠢᠳᠤᠷᠠᠬᠤ ᠦᠶᠯᠡᠰ ᠪᠤᠰᠬᠠᠬᠤ ᠳᠤ ᠲᠣᠬᠢᠷᠠᠮᠵᠢᠲᠠᠶ᠂ ᠵᠣᠯ ᠵᠢᠷᠭᠠᠯ ᠲᠠᠢ ᠡᠶ᠎ᠡ ᠵᠣᠬᠢᠴᠠᠯ ᠎ ᠲᠠᠢ ᠴᠢᠨᠠᠷ ᠰᠠᠶᠢᠲᠠᠶ ᠰᠡᠳᠬᠢᠯ ᠢ ᠳᠤᠯᠠᠭᠠᠴᠠᠭᠤᠯᠬᠤ ᠬᠤᠲᠠ ᠶᠢ ᠴᠢᠷᠮᠠᠶᠢᠨ ᠪᠠᠶᠢᠭᠤᠯᠵᠤ ᠪᠤᠢ᠃
   
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号