| ᠣᠶᠢᠷ᠎ᠠ ᠳᠤ᠂ ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠤᠨ ᠶᠡᠷᠦᠩᠬᠡᠶᠢᠯᠡᠭᠰᠡᠨ | ᠦᠶᠯᠡᠴᠢᠯᠡᠭᠡᠨ ᠤ ᠲᠥᠪ ᠨᠢ ᠨᠠᠮ ᠤᠨ ᠲᠡᠦᠬᠡ ᠶᠢᠨ ᠰᠤᠷᠤᠯᠴᠠᠯᠭ᠎ᠠ ᠬᠦᠮᠦᠵᠢᠯ ᠤᠨ ᠠᠵᠢᠯᠯᠠᠭ᠎ᠠ ᠶᠢ ᠰᠠᠶᠢᠳᠤᠷ | ᠦᠢᠯᠡᠳᠦᠯᠭᠡᠵᠢᠬᠦᠯᠵᠦ᠂ ᠪᠥᠬᠦ ᠬᠤᠰᠢᠭᠤᠨ ᠤ ᠬᠤᠶᠠᠳᠤᠭᠠᠷ ᠤᠳᠠᠭᠠᠨ ᠤ ᠪᠠᠶᠢᠭᠤᠯᠤᠮᠵᠢ ᠶᠢᠨ ᠣᠷᠣᠨ ᠲᠤᠭ᠎ᠠ ᠶᠢ | ᠬᠠᠷᠭᠤᠭᠤᠯᠤᠨ ᠪᠠᠶᠢᠴᠠᠭᠠᠬᠤ ᠠᠵᠢᠯ ᠤᠨ ᠱᠠᠭᠠᠷᠳᠠᠯᠭ᠎ᠠ ᠪᠠᠷ᠂ ᠬᠤᠶᠠᠳᠤᠭᠠᠷ ᠤᠳᠠᠭᠠᠨ ᠤ ᠪᠠᠶᠢᠭᠤᠯᠤᠮᠵᠢ ᠶᠢᠨ | ᠣᠷᠣᠨ ᠲᠤᠭ᠎ᠠ ᠶᠢ ᠬᠠᠷᠭᠤᠭᠤᠯᠤᠨ ᠪᠠᠶᠢᠴᠠᠭᠠᠵᠤ᠂ ᠠᠵᠢᠯᠲᠠᠨ ᠤ ᠶᠠᠪᠤᠳᠠᠯ ᠤᠨ ᠲᠠᠩᠰᠠ ᠡᠪᠬᠡᠮᠡᠯ ᠢ ᠬᠢᠨᠠᠨ | ᠬᠠᠷᠭᠤᠭᠤᠯᠬᠤ ᠠᠵᠢᠯ ᠢ ᠥᠷᠨᠢᠭᠦᠯᠪᠡ᠃ | ᠪᠠᠶᠢᠭᠤᠯᠤᠮᠵᠢ ᠶᠢᠨ ᠣᠷᠣᠨ ᠲᠤᠭ᠎ᠠ ᠶᠢᠨ ᠰᠠᠭᠤᠷᠢ ᠲᠤᠭ᠎ᠠ ᠪᠠᠷᠢᠮᠲᠠ ᠶᠢᠨ ᠣᠨᠣᠪᠴᠢᠲᠤ ᠴᠢᠨᠠᠷ ᠪᠠ ᠪᠦᠷᠢᠨ | ᠪᠦᠲᠦᠨ ᠴᠢᠨᠠᠷ ᠢ ᠦᠨᠡᠨ ᠬᠦ ᠪᠠᠲᠤᠯᠠᠬᠤ ᠶᠢᠨ ᠲᠥᠯᠥᠭᠡ᠂ ᠬᠢᠨᠠᠨ ᠬᠠᠷᠭᠤᠭᠤᠯᠵᠤ ᠵᠠᠰᠠᠪᠤᠷᠢ ᠣᠷᠣᠭᠤᠯᠬᠤ ᠠᠵᠢᠯ ᠢ | ᠬᠥᠮᠦᠨ ᠤ ᠬᠦᠴᠦᠨ ᠤ ᠡᠬᠢ ᠪᠠᠶᠠᠯᠢᠭ ᠤᠨ ᠶᠡᠷᠦᠩᠬᠡᠶᠢᠯᠡᠭᠰᠡᠨ ᠦᠶᠯᠡᠴᠢᠯᠡᠭᠡᠨ ᠤ ᠲᠥᠪ ᠤᠨ ᠲᠠᠩᠰᠠ ᠡᠪᠬᠡᠮᠡᠯ ᠤᠨ | ᠲᠠᠰᠤᠭ ᠤᠨ ᠲᠤᠷᠰᠢᠯᠭ᠎ᠠ ᠲᠠᠢ ᠠᠵᠢᠯᠲᠠᠨ ᠪᠣᠳᠠᠲᠠᠶ ᠶᠠᠪᠤᠭᠳᠠᠭᠤᠯᠵᠤ᠂ ᠬᠤᠯᠪᠣᠭᠳᠠᠬᠤ ᠬᠥᠮᠦᠰ ᠤᠨ ᠲᠥᠷᠥᠭᠰᠡᠨ | ᠴᠠᠭ᠂ ᠠᠵᠢᠯ ᠳᠤ ᠣᠷᠣᠯᠴᠠᠭᠰᠠᠨ ᠴᠠᠭ᠂ ᠨᠠᠮ ᠳᠤ ᠣᠷᠣᠭᠰᠠᠨ ᠴᠠᠭ᠂ ᠰᠤᠷᠭᠠᠭᠤᠯᠢ ᠶᠢᠨ ᠬᠠᠷᠢᠶ᠎ᠠ ᠶᠢᠨ ᠮᠡᠳᠡᠭᠡ | ᠵᠠᠩᠭᠢ᠂ ᠪᠡᠶ᠎ᠡ ᠭᠠᠷᠤᠯ᠂ ᠬᠡᠷᠡᠭᠯᠡᠵᠦ ᠥᠩᠭᠡᠷᠡᠭᠰᠡᠨ ᠨᠡᠷ᠎ᠡ ᠵᠡᠷᠭᠡ ᠶᠢ ᠠᠵᠢᠯᠲᠠᠨ ᠤ ᠶᠠᠪᠤᠳᠠᠯ ᠤᠨ ᠲᠠᠩᠰᠠ ᠡᠪᠬᠡᠮᠡᠯ | ᠤᠨ ᠣᠭ ᠳᠡᠪᠲᠡᠷ ᠲᠠᠢ ᠪᠥᠬᠦ ᠲᠠᠯ᠎ᠠ ᠪᠠᠷ ᠬᠠᠷᠭᠤᠭᠤᠯᠤᠨ ᠡᠷᠢᠵᠦ ᠲᠠᠩᠰᠠᠯᠠᠪᠠ᠃ ᠬᠢᠨᠠᠨ ᠬᠠᠷᠭᠤᠭᠤᠯᠬᠤ ᠠᠵᠢᠯ ᠨᠢ | ᠤᠷᠢᠳ ᠬᠤᠵᠢᠳ ᠬᠢᠬᠦ ᠵᠠᠷᠴᠢᠮ ᠶᠣᠰᠣᠭᠠᠷ᠂ ᠪᠥᠬᠦ ᠬᠤᠰᠢᠭᠤᠨ ᠤ ᠠᠵᠢᠯ ᠦᠶᠯᠡᠰ ᠤᠨ ᠨᠢᠭᠡᠴᠡ ᠶᠢ ᠵᠢᠭᠰᠠᠭᠠᠬᠤ | ᠶᠢᠨ ᠬᠠᠮᠲᠤ ᠲᠠᠰ ᠳᠠᠷᠠᠭᠠᠯᠠᠨ ᠤᠲᠠᠰᠤ ᠪᠠᠷ ᠮᠡᠳᠡᠭᠳᠡᠵᠦ᠂ ᠲᠠᠩᠰᠠ ᠡᠪᠬᠡᠮᠡᠯ ᠢ ᠬᠢᠨᠠᠨ ᠬᠠᠷᠭᠤᠭᠤᠯᠬᠤ ᠠᠵᠢᠯ ᠢ 3 | ᠠᠵᠢᠯᠲᠠᠨ ᠬᠠᠮᠳᠤ ᠤᠷᠤᠯᠴᠠᠵᠤ᠂ ᠬᠢᠨᠠᠨ ᠪᠠᠶᠢᠴᠠᠭᠠᠬᠤ ᠠᠵᠢᠯ ᠤᠨ ᠲᠥᠪ ᠭᠤᠤᠯᠴᠢ ᠴᠢᠨᠠᠷ ᠢ ᠪᠠᠲᠤᠯᠠᠭᠰᠠᠨ | ᠪᠥᠭᠡᠳ ᠬᠢᠨᠠᠨ ᠪᠠᠶᠢᠴᠠᠭᠠᠬᠤ ᠠᠵᠢᠯ ᠢ ᠪᠦᠲᠦᠮᠵᠢᠲᠡᠶ ᠠᠬᠢᠭᠤᠯᠬᠤ ᠶᠢ ᠴᠤ ᠪᠠᠲᠤᠯᠠᠪᠠ ᠃ | ᠤᠳᠤᠬᠠᠨ ᠪᠣᠯᠲᠠᠯ᠎ᠠ᠂ ᠠᠵᠢᠯᠲᠠᠨ ᠤ ᠶᠠᠪᠤᠳᠠᠯ ᠤᠨ ᠲᠠᠩᠰᠠ ᠡᠪᠬᠡᠮᠡᠯ ᠢ ᠬᠢᠨᠠᠨ ᠬᠠᠷᠭᠤᠭᠤᠯᠵᠤ ᠵᠠᠰᠠᠨ | ᠵᠠᠯᠠᠷᠠᠭᠤᠯᠬᠤ ᠶᠢ ᠪᠡᠶᠡᠯᠡᠭᠦᠯᠦᠭᠰᠡᠨ ᠨᠢᠭᠡᠴᠡ 37 ᠪᠠᠶᠢᠵᠤ᠂ ᠬᠤᠯᠪᠣᠭᠳᠠᠬᠤ ᠬᠥᠮᠦᠨ 2100 ᠣᠷᠴᠢᠮ ᠪᠤᠯᠵᠤ᠂ | ᠲᠠᠩᠰᠠ ᠡᠪᠬᠡᠮᠡᠯ ᠢ ᠬᠢᠨᠠᠨ ᠬᠠᠷᠭᠤᠭᠤᠯᠬᠤ ᠠᠵᠢᠯ ᠦᠷᠭᠦᠯᠵᠢᠯᠡᠨ ᠲᠣᠭᠲᠠᠭᠤᠨ ᠢᠶᠠᠷ ᠠᠭᠢᠵᠤ ᠪᠠᠶᠢᠨ᠎ᠠ᠃ | | | | | | | | | | | | | | |