ᠡᠵᠡᠨ ᠬᠤᠷᠤᠭ᠎ᠠ ᠬᠤᠰᠢᠭᠤᠨ ᠤ ᠨᠠᠷᠢᠨᠳᠤᠬᠤᠢ ᠪᠠᠯᠭᠠᠰᠤ ᠨᠠᠮ ᠤᠨ ᠲᠡᠦᠬᠡ ᠶᠢ ᠰᠤᠷᠤᠯᠴᠠᠨ ᠪᠣᠳᠠᠲᠤ ᠶᠠᠪᠤᠳᠠᠯ ᠬᠢᠵᠦ ᠠᠷᠠᠳ ᠲᠤ ᠦᠢᠯᠡᠴᠢᠯᠡᠬᠦ ᠠᠵᠢᠯᠯᠠᠭ᠎ᠠ ᠶᠠᠪᠤᠭᠳᠠᠭᠤᠯᠪᠠ
ᠨᠡᠶᠢᠲᠡᠯᠡᠭᠰᠡᠨ ᠴᠠᠭ᠄
2021/12/29
       ᠨᠡᠶᠢᠭᠡᠮ ᠵᠢᠷᠤᠮ ᠤᠨ ᠭᠤᠤᠯᠯᠠᠭᠴᠢ ᠥᠷᠲᠡᠭ ᠤᠨ ᠦᠵᠡᠯᠲᠡ ᠶᠢ ᠤᠯᠠᠮ ᠨᠢᠭᠡ ᠠᠯᠬᠤᠮ ᠪᠣᠶᠢᠵᠢᠭᠤᠯᠤᠨ ᠦᠶᠯᠡᠳᠦᠯᠭᠡᠵᠢᠭᠦᠯᠵᠦ᠂ ᠨᠠᠮ ᠤᠨ ᠲᠡᠦᠬᠡ ᠶᠢ ᠰᠣᠷᠣᠯᠴᠠᠨ ᠠᠷᠠᠳ ᠲᠤ ᠦᠢᠯᠡᠴᠢᠯᠡᠵᠦ᠂ ᠪᠣᠯᠪᠠᠰᠤᠨ ᠰᠢᠶᠠᠩ ᠪᠠᠯᠭᠠᠰᠤᠨ ᠤ ᠪᠥᠲᠥᠭᠡᠨ ᠪᠠᠶᠢᠭᠤᠯᠤᠯᠲᠠ ᠳᠤ ᠬᠦᠴᠦᠨ ᠨᠡᠮᠡᠷᠢᠯᠡᠬᠦ ᠶᠢᠨ ᠲᠥᠯᠥᠭᠡ᠂ ᠤᠶᠢᠷ᠎ᠠ ᠶᠢᠨ ᠡᠳᠦᠷ᠂ ᠡᠵᠡᠨ ᠬᠤᠷᠤᠭ᠎ᠠ ᠬᠤᠰᠢᠭᠤᠨ ᠤ ᠨᠠᠷᠢᠨᠲᠤᠬᠤᠢ ᠪᠠᠯᠭᠠᠰᠤᠨ ᠤ ᠰᠠᠶᠢᠨ ᠳᠤᠷ᠎ᠠ ᠶᠢᠨ ᠦᠶᠯᠡᠴᠢᠯᠡᠭᠡᠨ ᠤ ᠠᠩᠭᠢ ᠪᠠᠯᠭᠠᠰᠤᠨ ᠤ  ᠬᠡᠦᠬᠡᠳ ᠤᠨ ᠴᠡᠴᠡᠷᠯᠢᠭ᠂ ᠰᠤᠷᠭᠠᠭᠤᠯᠢ ᠶᠢᠨ ᠡᠷᠬᠢᠨ ᠲᠣᠭᠤᠷᠢᠨ  ᠎ ᠤ ᠵᠡᠭᠡᠯᠢ ᠭᠤᠳᠤᠮᠵᠢ ᠶᠢ ᠴᠡᠪᠡᠷᠯᠡᠬᠦ ᠰᠠᠶᠢᠨ ᠳᠤᠷ᠎ᠠ ᠶᠢᠨ ᠦᠶᠯᠡᠴᠢᠯᠡᠭᠡᠨ ᠤ ᠠᠵᠢᠯᠯᠠᠭ᠎ᠠ ᠶᠢ ᠥᠷᠨᠢᠭᠦᠯᠪᠡ᠃ ᠵᠡᠭᠡᠯᠢ ᠭᠤᠳᠤᠮᠵᠢ ᠶᠢ ᠴᠡᠪᠡᠷᠯᠡᠭᠰᠡᠨ ᠤ ᠳᠠᠷᠠᠭ᠎ᠠ᠂ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠪᠠᠰᠠ ᠰᠤᠷᠭᠠᠭᠤᠯᠢ ᠶᠢᠨ ᠬᠦᠷᠢᠶᠡᠨ ᠤ ᠵᠠᠮ ᠤᠨ ᠬᠤᠶᠠᠷ ᠲᠠᠯ᠎ᠠ ᠶᠢᠨ ᠨᠣᠭᠤᠭᠠᠷᠠᠭᠤᠯᠤᠯᠲᠠ ᠶᠢᠨ ᠪᠦᠰᠡ ᠶᠢ ᠴᠡᠪᠡᠷᠯᠡᠵᠦ᠂ ᠨᠢᠭᠡ ᠴᠠᠭ ᠰᠢᠬᠠᠮ ᠬᠦᠳᠡᠯᠮᠦᠷᠢᠯᠡᠭᠡᠳ᠂ ᠰᠠᠶᠢᠨ ᠳᠤᠷᠠᠴᠤᠳ ᠠᠮᠵᠢᠯᠲᠠ ᠲᠦᠬᠦᠷᠡᠩ ᠪᠤᠴᠠᠪᠠ᠃      ᠠᠵᠢᠯᠯᠠᠭ᠎ᠠ ᠳᠠᠭᠤᠰᠤᠭᠰᠠᠨ ᠤ ᠳᠠᠷᠠᠭ᠎ᠠ᠂ ᠰᠠᠶᠢᠨ ᠳᠤᠷ᠎ᠠ ᠶᠢᠨ ᠠᠵᠢᠯᠯᠠᠭᠴᠢ ᠲᠢᠶᠠᠨ ᠯᠢ ᠰᠢᠶᠠ ᠬᠡᠯᠡᠬᠦ ᠎ ᠳᠡᠭᠡᠨ᠄ ︽ᠮᠠᠨ ᠤ ᠡᠨᠡ ᠰᠠᠶᠢᠨ ᠳᠤᠷ᠎ᠠ ᠶᠢᠨ ᠦᠶᠯᠡᠴᠢᠯᠡᠭᠡᠨ ᠤ ᠠᠩᠭᠢ ᠪᠠᠯᠭᠠᠰᠤᠨ ᠤ ᠲᠣᠭᠤᠷᠢᠭ ᠲᠠᠬᠢ ᠬᠤᠶᠠᠷ ᠰᠤᠷᠭᠠᠭᠤᠯᠢ ᠶᠢᠨ ᠤᠶᠢᠷ᠎ᠠ ᠬᠠᠵᠠᠭᠤ ᠶᠢᠨ ᠤᠷᠴᠢᠨ ᠲᠤᠭᠤᠷᠢᠨ ᠢ ᠬᠦᠴᠦᠯᠡᠨ ᠬᠠᠮᠠᠭᠠᠯᠠᠵᠤ ᠪᠤᠢ᠂ ᠪᠢᠳᠡ ᠬᠡᠦᠬᠡᠳ ᠎ ᠤᠳ ᠲᠤ ᠠᠷᠢᠭᠤᠨ ᠴᠡᠪᠡᠷ ᠲᠡᠷᠢ ᠲᠡᠭᠰᠢ ᠰᠤᠷᠤᠯᠴᠠᠬᠤ ᠠᠮᠢᠳᠤᠷᠠᠬᠤ ᠣᠷᠴᠢᠨ ᠨᠥᠬᠦᠴᠡᠯ ᠢ ᠬᠠᠩᠭᠠᠵᠤ᠂ ᠬᠡᠦᠬᠡᠳ ᠎ ᠤᠳ ᠢ ᠡᠷᠡᠭᠦᠯ ᠢᠶᠠᠷ ᠥᠰᠬᠡᠨ ᠪᠣᠶᠢᠵᠢᠭᠤᠯᠬᠤ ᠳᠤ ᠦᠪᠡᠷ ᠤᠨ ᠬᠦᠴᠦ ᠪᠠᠨ ᠡᠷᠬᠦᠨ᠎ᠡ︾ ᠭᠡᠪᠡ᠃
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号