ᠵᠢᠮᠢᠰ ᠠᠴᠠ ᠬᠢᠵᠢᠭ ᠢᠯᠡᠷᠡᠪᠡ
ᠨᠡᠶᠢᠲᠡᠯᠡᠭᠰᠡᠨ ᠴᠠᠭ᠄
2021/12/30
                 ᠾᠧᠨᠠᠨ ᠮᠤᠵᠢ ᠶᠢᠨ ᠺᠠᠶᠢᠹᠧᠩ ᠬᠤᠲᠠ ᠶᠢᠨ ᠬᠢᠵᠢᠭ ᠢ ᠰᠡᠷᠭᠡᠶᠢᠯᠡᠨ ᠳᠠᠷᠣᠬᠤ ᠵᠢᠯᠣᠭᠤᠳᠬᠤ ᠭᠠᠵᠠᠷ ᠤᠨ ᠠᠯᠪᠠᠨ ᠬᠡᠷ ᠲᠦᠷᠦᠭᠦᠬᠡᠨ ᠠᠯᠪᠠᠨ ᠵᠠᠷ ᠨᠡᠶᠢᠲᠡᠯᠡᠵᠦ᠂ 12 ᠳ᠋ᠣᠭᠠᠷ ᠰᠠᠷ᠎ᠠ ᠶᠢᠨ 7᠎ ᠤ ᠡᠳᠦᠷ ᠠᠴᠠ 10᠎ ᠤ ᠡᠳᠦᠷ ᠪᠣᠯᠲᠠᠯ᠎ᠠ ᠶᠦᠩ ᠾᠦᠢ ᠰᠦᠫᠧᠷ ᠳᠡᠯᠭᠡᠭᠦᠷ ︵ᠬᠠᠲᠤᠨ ᠭᠤᠤᠯ ᠶᠡᠭᠡ ᠵᠡᠭᠡᠯᠢ︶᠎ ᠠᠴᠠ ᠬᠢᠵᠢᠭ ᠤᠨ ᠬᠠᠯᠳᠠᠪᠤᠷᠢ ᠲᠠᠢ ᠵᠢᠮᠢᠰ ᠢ ᠬᠤᠳᠠᠯᠳᠤᠨ ᠠᠪᠤᠭᠰᠠᠨ ᠬᠥᠮᠦᠰ ᠢ ᠶᠠᠭᠠᠷᠠᠯᠳᠡᠢ ᠪᠠᠶᠢᠴᠠᠭᠠᠨ ᠬᠠᠶᠢᠪᠠ᠃ 12 ᠳ᠋ᠣᠭᠠᠷ ᠰᠠᠷ᠎ᠠ ᠶᠢᠨ 22᠎ ᠤᠨ ᠡᠳᠦᠷ᠂ ᠡᠨᠡ ᠬᠤᠲᠠ ᠶᠢᠨ ᠬᠤᠲᠠ ᠬᠥᠳᠡᠭᠡ ᠶᠢ ᠨᠢᠭᠡ ᠴᠤᠭᠴᠠᠵᠢᠭᠤᠯᠤᠭᠰᠠᠨ ᠵᠢᠱᠢᠶ᠎ᠡ ᠦᠵᠡᠭᠦᠯᠬᠦ ᠣᠷᠣᠨ ᠤ ᠬᠢᠵᠢᠭ ᠢ ᠰᠡᠷᠭᠡᠶᠢᠯᠡᠨ ᠳᠠᠷᠣᠬᠤ ᠵᠢᠯᠣᠭᠤᠳᠬᠤ ᠭᠠᠵᠠᠷ ᠠᠴᠠ ᠮᠡᠳᠡᠭᠳᠡᠬᠦ ᠳᠡᠭᠡᠨ᠂ ᠬᠤᠪᠸᠢ ᠮᠤᠵᠢ ᠶᠢᠨ ᠬᠠᠨᠴᠤᠸᠠᠨ ᠬᠤᠲᠠ᠂ ᠶᠢᠩᠴᠧᠩ ᠬᠤᠲᠠ ᠶᠢᠨ ᠬᠢᠨ ᠸᠢᠶᠧᠲᠨᠠᠮ ᠠᠴᠠ ᠣᠷᠣᠭᠤᠯᠤᠭᠰᠠᠨ ᠨᠢᠭᠡ ᠪᠦᠯᠦᠭ ᠣᠯᠠᠭᠠᠨ ᠦᠷᠡᠳᠦ ᠯᠤᠤ ᠵᠢᠮᠢᠰ ᠪᠠ ᠲᠡᠭᠦᠨ ᠤ ᠭᠠᠳᠠᠷ ᠪᠣᠭᠤᠳᠠᠯ ᠠᠴᠠ ᠬᠢᠵᠢᠭ ᠤᠨ ᠬᠠᠯᠳᠠᠪᠤᠷᠢ ᠢᠯᠡᠷᠡᠭᠦᠯᠦᠭᠰᠡᠨ ᠪᠠᠶᠢᠨ᠎ᠠ ᠭᠡᠵᠡᠢ᠃ ᠬᠢᠨᠠᠨ ᠪᠠᠶᠢᠴᠠᠭᠠᠭᠰᠠᠨ ᠢᠶᠠᠷ᠂ ᠲᠣᠰ ᠪᠦᠯᠦᠭ ᠵᠢᠮᠢᠰ ᠢ ᠬᠢᠯᠢ ᠪᠠᠷ ᠣᠷᠣᠭᠤᠯᠣᠭᠰᠠᠨ ᠤ ᠳᠠᠷᠠᠭ᠎ᠠ 12 ᠳ᠋ᠣᠭᠠᠷ ᠰᠠᠷ᠎ᠠ ᠶᠢᠨ 7᠎ ᠤ ᠥᠷᠯᠥᠭᠡ ᠵᠧᠩᠵᠧᠤ ᠬᠤᠲᠠ ᠶᠢᠨ ᠵᠥᠩ ᠮᠥ ᠰᠢᠶᠠᠨ ᠤ ᠸᠠᠨ ᠪᠠᠩ ᠣᠯᠠᠨ ᠤᠯᠤᠰ ᠤᠨ ᠪᠠᠷᠠᠭᠠᠨ ᠤ ᠬᠦᠷᠢᠶᠡᠯᠡᠩ ᠳᠤ ᠬᠦᠷᠭᠡᠭᠰᠡᠨ ᠶᠤᠮ᠃ ᠡᠭᠦᠨ ᠤ ᠲᠠᠷᠠᠭᠠᠬᠢ ᠰᠤᠭᠤᠯᠤᠨ ᠪᠠᠶᠢᠴᠠᠭᠠᠭᠰᠠᠨ ᠤ ᠳ᠋ᠦᠩ ᠳᠤ ᠬᠢᠵᠢᠭ ᠤᠨ ᠸᠢᠷᠦ᠋ᠰ ᠪᠠᠶᠢᠬᠤ ᠦᠭᠡᠢ ᠪᠠᠶᠢᠯ᠎ᠠ᠃ ᠺᠠᠶᠢᠹᠧᠩ ᠬᠤᠲᠠ ᠶᠢᠨ ᠬᠠᠲᠤᠨ ᠭᠤᠤᠯ ᠶᠡᠭᠡ ᠵᠡᠭᠡᠯᠢ ᠶᠢᠨ ᠰᠢᠩ ᠭᠤᠸᠠᠩ ᠲᠢᠶᠠᠨ ᠳ᠋ᠢ ᡁᠢ ᠨᠢᠭᠡᠳᠦᠭᠡᠷ ᠳᠠᠪᠬᠤᠷᠯᠢᠭ ᠤᠨ ᠶᠦᠩ ᠾᠦᠢ ᠰᠦᠫᠧᠷ ᠳᠡᠯᠭᠡᠭᠦᠷ 12 ᠳ᠋ᠣᠭᠠᠷ ᠰᠠᠷ᠎ᠠ ᠶᠢᠨ 7᠎ ᠤ ᠡᠳᠦᠷ ᠵᠥᠩ ᠮᠥ ᠰᠢᠶᠠᠨ ᠤ ᠸᠠᠨ ᠪᠠᠩ ᠣᠯᠠᠨ ᠤᠯᠤᠰ ᠤᠨ ᠪᠠᠷᠠᠭᠠᠨ ᠤ ᠬᠦᠷᠢᠶᠡᠯᠡᠩ ᠠᠴᠠ ᠡᠨᠡ ᠵᠢᠮᠢᠰ ᠢ ᠨᠡᠶᠢᠲᠡ 60 ᠵᠢᠩ ᠣᠷᠣᠭᠤᠯᠵᠦ᠂ 12 ᠰᠠᠷ᠎ᠠ ᠶᠢᠨ 8᠎ ᠤ ᠡᠳᠦᠷ ᠨᠡᠶᠢᠲᠡ 80 ᠵᠢᠩ ᠣᠷᠣᠭᠤᠯᠵᠠᠢ᠃ 12 ᠳ᠋ᠣᠭᠠᠷ ᠰᠠᠷ᠎ᠠ ᠶᠢᠨ 7᠎ ᠤ 16 ᠴᠠᠭ ᠠᠴᠠ 10᠎ ᠤ ᠡᠳᠦᠷ ᠪᠣᠯᠲᠠᠯ᠎ᠠ ᠪᠦᠬᠦᠨ ᠢ ᠬᠤᠳᠠᠯᠳᠤᠪᠠ᠃ ᠡᠨᠡ ᠬᠤᠭᠤᠷᠤᠨᠳᠦ ᠳᠣᠰ ᠳᠡᠯᠬᠡᠬᠦᠷ ᠠᠴᠠ ᠡᠨᠡ ᠵᠢᠮᠢᠰ ᠢ ᠬᠤᠳᠠᠯᠳᠤᠵᠤ ᠠᠪᠤᠭᠰᠠᠨ ᠬᠦᠮᠦᠨ ᠪᠠᠶᠢᠪᠠᠯ ᠳᠠᠷᠣᠢ ᠳᠦᠷᠬᠡᠨ ᠬᠠᠮᠢᠶᠠᠳᠠᠢ ᠭᠠᠵᠠᠷ ᠲᠠᠢ ᠬᠠᠷᠢᠯᠴᠠᠬᠤ ᠶᠢ ᠲᠤᠬᠠᠢ ᠶᠢᠨ ᠭᠠᠵᠠᠷ ᠤᠨ ᠬᠢᠨ ᠶᠠᠭᠠᠷᠠᠯᠳᠡᠢ ᠮᠡᠳᠡᠭᠳᠡᠵᠦ ᠪᠠᠶᠢᠨ᠎ᠠ᠃  
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号