ᠯᠢ ᠺᠧ ᠴᠢᠶᠠᠩ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/12/7
     ᠯᠢ ᠺᠧ ᠴᠢᠶᠠᠩ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ      ᠳᠤᠮᠳᠠ ᠵᠢᠵᠢᠭ ᠠᠵᠤ ᠠᠬᠤᠶᠢᠯᠠᠯ ᠳᠤ ᠥᠷᠢᠲᠦᠵᠦ ᠪᠠᠶᠢᠭ᠎ᠠ ᠳᠠᠩᠰᠠᠨ ᠵᠣᠭᠤᠰ ᠢ ᠢᠯᠭᠠᠨ ᠴᠡᠪᠡᠷᠯᠡᠬᠦ ᠪᠠ ᠬᠥᠯᠥᠰᠥᠨ ᠠᠵᠢᠯᠴᠢᠨ ᠤ ᠴᠠᠯᠢᠩ ᠢ ᠴᠠᠭ ᠲᠤᠬᠠᠶ ᠳᠤ ᠨᠢ ᠲᠤᠭ᠎ᠠ ᠶᠣᠰᠣᠭᠠᠷ ᠣᠯᠭᠤᠬᠤ ᠶᠢ ᠪᠠᠲᠤᠯᠠᠬᠤ ᠠᠷᠭ᠎ᠠ ᠶᠢ ᠪᠠᠶᠢᠷᠢᠯᠠᠭᠤᠯᠪᠠ      ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠯ ᠤᠨ ᠲᠥᠯᠥᠪᠵᠢᠭᠦᠯᠭᠡ ᠶᠢ ᠬᠢᠨᠠᠨ ᠪᠠᠲᠤᠯᠠᠵᠤ ᠥᠨᠳᠥᠷ ᠬᠡᠪ ᠴᠢᠨᠠᠷ ᠪᠥᠬᠦᠶ ᠬᠥᠳᠡᠯᠮᠦᠷᠢᠴᠢᠨ ᠪᠠ ᠮᠡᠷᠭᠡᠵᠢᠯ ᠤᠷ᠎ᠠ ᠴᠢᠳᠠᠪᠤᠷᠢ ᠶᠢᠨ ᠴᠢᠳᠠᠪᠤᠷᠢᠲᠠᠨ ᠢ ᠲᠦᠷᠭᠡᠪᠴᠢᠯᠡᠨ ᠬᠦᠮᠦᠵᠢᠭᠦᠯᠬᠦ ᠬᠡᠷᠡᠭᠲᠡᠢ ᠭᠡᠵᠡᠢ      ᠰᠢᠨᠬᠤᠸᠠ ᠬᠤᠷᠢᠶᠠᠨ ᠤ ᠪᠡᠭᠡᠵᠢᠩ ᠤᠨ 12 ᠳ᠋ᠤᠭᠠᠷ ᠰᠠᠷ᠎ᠠ ᠶᠢᠨ 1᠎ ᠤ ᠡᠳᠦᠷ ᠤᠨ ᠮᠡᠳᠡᠭᠡ  ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠶ ᠰᠠᠶᠢᠳ ᠯᠢ ᠺᠧ ᠴᠢᠶᠠᠩ 12 ᠳ᠋ᠤᠭᠠᠷ ᠰᠠᠷ᠎ᠠ ᠶᠢᠨ 1᠎ ᠤ ᠡᠳᠦᠷ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠳᠤᠮᠳᠠ ᠵᠢᠵᠢᠭ ᠠᠵᠤ ᠠᠬᠤᠶᠢᠯᠠᠯ ᠳᠤ ᠥᠷᠢᠲᠦᠵᠦ ᠪᠠᠶᠢᠭ᠎ᠠ ᠲᠠᠩᠰᠠᠨ ᠵᠣᠭᠤᠰ ᠢ ᠢᠯᠭᠠᠨ ᠴᠡᠪᠡᠷᠯᠡᠬᠦ ᠪᠠ ᠬᠥᠯᠥᠰᠥᠨ ᠠᠵᠢᠯᠴᠢᠨ ᠤ ᠴᠠᠯᠢᠩ ᠢ ᠴᠠᠭ ᠲᠤᠬᠠᠢ ᠳᠤ ᠨᠢ ᠲᠤᠭ᠎ᠠ ᠶᠣᠰᠣᠭᠠᠷ ᠣᠯᠭᠤᠬᠤ ᠶᠢ ᠪᠠᠲᠤᠯᠠᠬᠤ ᠠᠷᠭ᠎ᠠ ᠶᠢ ᠪᠠᠶᠢᠷᠢᠯᠠᠭᠤᠯᠪᠠ︔ ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠯ ᠤᠨ ᠲᠥᠯᠥᠪᠵᠢᠭᠦᠯᠭᠡ ᠶᠢ ᠬᠢᠨᠠᠨ ᠪᠠᠲᠤᠯᠠᠵᠤ᠂ ᠥᠨᠳᠥᠷ ᠬᠡᠪ ᠴᠢᠨᠠᠷ ᠪᠦᠬᠦᠢ ᠬᠥᠳᠡᠯᠮᠦᠷᠢᠴᠢᠨ ᠪᠠ ᠮᠡᠷᠭᠡᠵᠢᠯ ᠤᠷ᠎ᠠ ᠴᠢᠳᠠᠪᠤᠷᠢ ᠶᠢᠨ ᠴᠢᠳᠠᠪᠤᠷᠢᠲᠠᠨ ᠢ ᠲᠦᠷᠭᠡᠪᠴᠢᠯᠡᠨ ᠬᠦᠮᠦᠵᠢᠭᠦᠯᠬᠦ ᠬᠡᠷᠡᠭᠲᠡᠢ ᠭᠡᠵᠡᠢ᠃      ᠬᠤᠷᠠᠯ ᠠᠴᠠ ᠵᠢᠭᠠᠬᠤ ᠳᠤ ᠪᠠᠨ᠂ ᠳᠤᠮᠳᠠ ᠵᠢᠵᠢᠭ ᠠᠵᠤ ᠠᠬᠤᠶᠢᠯᠠᠯ ᠤᠨ ᠳᠠᠩᠰᠠᠨ ᠵᠣᠭᠤᠰ ᠢ ᠥᠷᠢᠲᠦᠨ ᠤᠳᠠᠭᠠᠰᠢᠷᠠᠭᠤᠯᠵᠤ ᠪᠠᠶᠢᠭ᠎ᠠ ᠠᠵᠢᠯ ᠢ ᠰᠢᠢᠳᠪᠦᠷᠢᠯᠡᠬᠦ ᠨᠢ ᠵᠠᠬ᠎ᠠ ᠳᠡᠯᠭᠡᠭᠦᠷᠴᠢᠯᠡᠭᠰᠡᠨ᠂ ᠬᠠᠤᠯᠢᠵᠢᠭᠰᠠᠨ᠂ ᠳᠡᠯᠡᠬᠡᠶᠢᠴᠢᠯᠡᠭᠰᠡᠨ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠤᠨ ᠪᠠᠶᠢᠭᠤᠯᠤᠯᠲᠠ ᠶᠢ ᠠᠬᠢᠭᠤᠯᠬᠤ ᠲᠠᠢ ᠰᠢᠭᠤᠳ ᠬᠤᠯᠪᠣᠭᠳᠠᠨ᠎ᠠ᠃ ᠡᠨᠡ ᠵᠢᠯ ᠠᠴᠠ ᠨᠠᠭᠠᠰᠢ᠂ ᠤᠯᠤᠰ ᠤᠨ ᠳᠣᠲᠣᠭᠠᠳᠤ ᠭᠠᠳᠠᠭᠠᠳᠤ ᠶᠢᠨ ᠨᠠᠷᠢᠨ ᠪᠤᠳᠤᠯᠢᠶᠠᠨᠲᠠᠶ ᠣᠷᠴᠢᠨ ᠨᠥᠬᠦᠴᠡᠯ ᠪᠠ ᠬᠢᠵᠢᠭ ᠤᠨ ᠪᠠᠶᠢᠳᠠᠯ ᠣᠯᠠᠨ ᠭᠠᠵᠠᠷ ᠲᠤ ᠲᠠᠷᠬᠠᠭᠰᠠᠨ ᠵᠡᠷᠭᠡ ᠬᠦᠴᠦᠨ ᠵᠦᠢᠯ ᠤᠨ ᠨᠥᠯᠥᠭᠡ ᠠᠴᠠ ᠪᠣᠯᠵᠣ᠂ ᠳᠤᠮᠳᠠ ᠵᠢᠵᠢᠭ ᠠᠵᠤ ᠠᠬᠤᠶᠢᠯᠠᠯ ᠤᠨ ᠬᠤᠷᠢᠶᠠᠬᠤ ᠶᠣᠰᠣᠲᠠᠶ ᠲᠠᠩᠰᠠᠨ ᠵᠣᠭᠤᠰ ᠤᠨ ᠨᠡᠮᠡᠭᠳᠡᠯ ᠨᠡᠯᠢᠶᠡᠳ ᠲᠦᠷᠭᠡᠨ ᠪᠣᠯᠵᠣ᠂ ᠤᠳᠠᠭᠠᠰᠢᠷᠠᠭᠤᠯᠤᠨ ᠥᠷᠢᠲᠦᠬᠦ ᠪᠠᠶᠢᠳᠠᠯ ᠣᠯᠠᠰᠢᠷᠠᠪᠠ᠃ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠵᠤ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢ ᠪᠠᠲᠤᠯᠠᠬᠤ ᠱᠠᠭᠠᠷᠳᠠᠯᠭ᠎ᠠ ᠶᠣᠰᠣᠭᠠᠷ᠂ ᠳᠤᠮᠳᠠ ᠵᠢᠵᠢᠭ ᠠᠵᠤ ᠠᠬᠤᠶᠢᠯᠠᠯ ᠳᠤ ᠥᠷᠢᠲᠦᠵᠦ ᠪᠠᠶᠢᠭ᠎ᠠ ᠲᠠᠩᠰᠠᠨ ᠵᠣᠭᠤᠰ ᠢ ᠴᠡᠭᠴᠡᠯᠡᠨ ᠵᠠᠰᠠᠬᠤ ᠡᠷᠴᠢᠮ ᠢᠶᠠᠨ ᠬᠠᠤᠯᠢ ᠲᠣᠭᠲᠠᠭᠠᠯ ᠶᠣᠰᠣᠭᠠᠷ ᠴᠢᠩᠭᠠᠷᠠᠭᠤᠯᠬᠤ ᠬᠡᠷᠡᠭᠲᠡᠶ᠃ ᠨᠢᠭᠡ ᠳᠤ᠂ ︽ᠳᠤᠮᠳᠠ ᠵᠢᠵᠢᠭ ᠠᠵᠤ ᠠᠬᠤᠶᠢᠯᠠᠯ ᠤᠨ ᠵᠣᠭᠤᠰ ᠲᠥᠯᠥᠬᠦ ᠶᠢ ᠪᠠᠲᠤᠯᠠᠬᠤ ᠲᠦᠷᠢᠮ︾᠎ ᠢ ᠴᠢᠩᠭ᠎ᠠ ᠬᠡᠷᠡᠭᠵᠢᠭᠦᠯᠵᠦ᠂ ᠵᠠᠬ᠎ᠠ ᠳᠡᠯᠭᠡᠭᠦᠷ ᠤᠨ ᠳᠠᠪᠠᠭᠤᠯᠢᠭ ᠪᠠᠶᠢᠷᠢ ᠰᠠᠭᠤᠷᠢ ᠶᠢ ᠳᠤᠷ᠎ᠠ ᠪᠠᠷ ᠢᠶᠠᠨ ᠠᠰᠢᠭᠯᠠᠵᠤ ᠳᠠᠩᠰᠠᠨ ᠵᠣᠭᠤᠰ ᠢ ᠵᠣᠷᠢᠭᠤᠳᠠ ᠥᠷᠢᠲᠦᠭᠦᠯᠵᠦ ᠪᠠᠶᠢᠭ᠎ᠠ ᠦᠢᠯᠡ ᠠᠵᠢᠯᠯᠠᠭ᠎ᠠ ᠶᠢ ᠴᠡᠭᠴᠡᠯᠡᠨ ᠵᠠᠰᠠᠬᠤ ᠬᠡᠷᠡᠭᠲᠡᠶ᠃ ᠠᠯᠪᠠᠨ ᠪᠠᠶᠢᠭᠤᠯᠭ᠎ᠠ᠂ ᠠᠵᠢᠯ ᠦᠢᠯᠡᠰ ᠤᠨ ᠨᠢᠭᠡᠴᠢ ᠳᠤᠮᠳᠠ ᠵᠢᠵᠢᠭ ᠠᠵᠤ ᠠᠬᠤᠶᠢᠯᠠᠯ ᠠᠴᠠ ᠡᠳ᠋ ᠪᠠᠷᠠᠭ᠎ᠠ᠂ ᠪᠠᠷᠢᠯᠭ᠎ᠠ᠂ ᠦᠢᠯᠡᠴᠢᠯᠡᠭᠡ ᠬᠤᠳᠠᠯᠳᠤᠨ ᠠᠪᠬᠤ ᠳᠤ ᠪᠠᠨ ᠡᠳ᠋ ᠪᠠᠷᠠᠭ᠎ᠠ᠂ ᠪᠠᠷᠢᠯᠭ᠎ᠠ᠂ ᠦᠢᠯᠡᠴᠢᠯᠡᠭᠡ ᠶᠢ ᠲᠤᠰᠢᠶᠠᠭᠰᠠᠨ ᠡᠳᠦᠷ ᠠᠴᠠ ᠡᠬᠢᠯᠡᠨ 30 ᠡᠳᠦᠷ ᠤᠨ ᠳᠣᠲᠣᠷ᠎ᠠ ᠵᠣᠭᠤᠰ ᠢ ᠎ ᠨᠢ ᠲᠥᠯᠥᠬᠦ ᠬᠡᠷᠡᠭᠲᠡᠶ᠂ ᠬᠠᠮᠤᠭ ᠤᠷᠳᠤ ᠳᠤ ᠪᠠᠨ 60 ᠡᠳᠦᠷ ᠠᠴᠠ ᠬᠡᠲᠦᠷᠡᠭᠦᠯᠵᠦ ᠪᠣᠯᠬᠤ ᠦᠭᠡᠢ᠃ ᠠᠯᠪᠠᠨ ᠪᠠᠶᠢᠭᠤᠯᠭ᠎ᠠ᠂ ᠠᠵᠢᠯ ᠦᠢᠯᠡᠰ ᠤᠨ ᠨᠢᠭᠡᠴᠢ ᠪᠠ ᠲᠤᠮᠤ ᠠᠵᠤ ᠠᠬᠤᠶᠢᠯᠠᠯ ᠠᠴᠠ ᠳᠤᠮᠳᠠ ᠵᠢᠵᠢᠭ ᠠᠵᠤ ᠠᠬᠤᠶᠢᠯᠠᠯ ᠢ ᠠᠯᠪᠠᠳᠠᠵᠤ ᠪᠠᠶᠢᠭᠠᠳ ᠬᠤᠳᠠᠯᠳᠤᠭᠠᠨ ᠤ ᠭᠤᠪᠢᠭᠤᠯᠭ᠎ᠠ ᠶᠢᠨ ᠫᠢᠶᠣᠣ ᠵᠡᠷᠭᠡ ᠪᠡᠯᠡᠨ ᠵᠣᠭᠤᠰᠣᠨ ᠤ ᠪᠤᠰᠤ ᠲᠦᠯᠦᠬᠦ ᠠᠷᠭ᠎ᠠ ᠮᠠᠶ᠋ᠢᠭ ᠢ ᠬᠦᠯᠢᠶᠡᠨ ᠠᠪᠤᠭᠤᠯᠵᠤ ᠪᠣᠯᠬᠤ ᠦᠭᠡᠢ᠂ ᠬᠤᠳᠠᠯᠳᠤᠭᠠᠨ ᠤ ᠭᠤᠪᠢᠭᠤᠯᠭ᠎ᠠ ᠶᠢᠨ ᠫᠢᠶᠣᠣ ᠶᠢ ᠳᠤᠷ᠎ᠠ ᠪᠠᠷ ᠬᠡᠷᠡᠭᠯᠡᠵᠦ ᠳᠤᠮᠳᠠ ᠵᠢᠵᠢᠭ ᠠᠵᠤ ᠠᠬᠤᠶᠢᠯᠠᠯ ᠤᠨ ᠪᠡᠯᠡ ᠮᠥᠩᠭᠦ ᠶᠢ ᠳᠤᠷ᠎ᠠ ᠪᠠᠷ ᠡᠵᠡᠯᠡᠵᠦ ᠪᠣᠯᠬᠤ ᠦᠭᠡᠢ᠃ ᠲᠤᠮᠤ ᠠᠵᠤ ᠠᠬᠤᠶᠢᠯᠠᠯ ᠤᠳ ᠣᠨ ᠤ ᠮᠡᠳᠡᠭᠦᠯᠦᠯᠲᠡ ᠳᠤ ᠪᠠᠨ ᠲᠣᠭᠲᠠᠭᠰᠠᠨ ᠬᠤᠭᠤᠴᠠᠭᠠᠨ ᠳᠤ ᠲᠥᠯᠥᠵᠦ ᠴᠢᠳᠠᠭᠰᠠᠨ ᠦᠭᠡᠢ ᠳᠤᠮᠳᠠ ᠵᠢᠵᠢᠭ ᠠᠵᠤ ᠠᠬᠤᠶᠢᠯᠠᠯ ᠤᠨ ᠵᠣᠭᠤᠰ ᠢ ᠨᠡᠶᠢᠭᠡᠮ ᠳᠤ ᠨᠡᠶᠢᠲᠡᠯᠡᠬᠦ ᠬᠡᠷᠡᠭᠲᠡᠶ ᠃ ᠬᠤᠶᠠᠷ ᠲᠤ᠂ ᠣᠷᠣᠨ ᠨᠤᠲᠤᠭ ᠤᠨ ᠬᠠᠷᠢᠶ᠎ᠠ ᠭᠠᠵᠠᠷ ᠪᠣᠯᠤᠨ ᠰᠠᠯᠠᠭ᠎ᠠ ᠮᠥᠴᠢᠷ ᠤᠨ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠬᠢᠨᠠᠨ ᠪᠤᠳᠤᠵᠤ ᠬᠢᠨᠠᠯᠲᠠ ᠲᠠᠯᠪᠢᠬᠤ ᠶᠢ ᠴᠢᠩᠭᠠᠳᠬᠠᠵᠤ᠂ ᠠᠯᠪᠠᠨ ᠪᠠᠶᠢᠭᠤᠯᠭ᠎ᠠ᠂ ᠠᠵᠢᠯ ᠦᠢᠯᠡᠰ ᠤᠨ ᠨᠢᠭᠡᠴᠢ᠂ ᠤᠯᠤᠰ ᠤᠨ ᠥᠮᠴᠢᠯᠡᠯᠲᠦ ᠲᠣᠮᠣ ᠠᠵᠤ ᠠᠬᠤᠶᠢᠯᠠᠯ ᠤᠨ ᠳᠤᠮᠳᠠ ᠵᠢᠵᠢᠭ ᠠᠵᠤ ᠠᠬᠤᠶᠢᠯᠠᠯ ᠳᠤ ᠥᠷᠢᠲᠦᠵᠦ ᠪᠠᠶᠢᠭ᠎ᠠ ᠲᠠᠩᠰᠠᠨ ᠵᠣᠭᠤᠰ ᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠬᠦ ᠶᠢᠨ ᠬᠠᠮᠲᠤ ᠬᠠᠷᠢᠭᠤᠴᠠᠯᠭ᠎ᠠ ᠶᠢ ᠴᠢᠩᠭ᠎ᠠ ᠨᠡᠬᠡᠮᠵᠢᠯᠡᠵᠦ᠂ ᠬᠦᠨᠳᠦ ᠨᠣᠴᠢᠲᠠᠶ ᠢᠲᠡᠭᠡᠯ ᠠᠯᠳᠠᠭᠰᠠᠳ ᠢ ᠢᠯᠡ ᠪᠠᠷ ᠢᠯᠡᠴᠢᠯᠡᠬᠦ ᠬᠡᠷᠡᠭᠲᠡᠶ᠃ ᠭᠤᠷᠪᠠ ᠳᠤ᠂ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢᠨ ᠪᠠᠶᠢᠭᠤᠯᠤᠯᠲᠠ ᠶᠢ ᠴᠢᠩᠭᠠᠳᠬᠠᠵᠤ᠂ ᠪᠦᠳᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠦᠨ᠎ᠡ ᠶᠢᠨ ᠵᠣᠭᠤᠰ ᠢ ᠳ᠋ᠦᠩᠨᠡᠨ ᠪᠤᠳᠤᠬᠤ ᠬᠠᠮᠢᠶ᠎ᠠ ᠪᠦᠬᠦᠢ ᠲᠦᠷᠢᠮ ᠢ ᠪᠦᠷᠢᠨᠰᠢᠬᠦᠯᠵᠦ᠂ ᠪᠠᠷᠢᠯᠭ᠎ᠠ ᠶᠢᠨ ᠠᠬᠢᠴᠠ ᠶᠢᠨ ᠵᠣᠭᠤᠰ ᠢ ᠲᠥᠯᠥᠬᠦ ᠬᠠᠷᠢᠴᠠᠯ ᠢ ᠳᠡᠭᠡᠭᠰᠢᠯᠡᠭᠦᠯᠬᠦ ᠬᠡᠷᠡᠭᠲᠡᠢ᠃ ᠪᠠᠲᠤᠯᠠᠭ᠎ᠠ ᠶᠢᠨ ᠪᠢᠴᠢᠭ ︵ᠳᠠᠭᠠᠳᠬᠠᠯ︶᠎ ᠤᠨ ᠣᠷᠣᠯᠠᠬᠤ ᠪᠠᠲᠤᠯᠠᠭ᠎ᠠ ᠶᠢᠨ ᠮᠥᠩᠭᠦ ᠶᠢ ᠪᠥᠬᠦ ᠲᠠᠯ᠎ᠠ ᠪᠠᠷ ᠬᠡᠷᠡᠭᠵᠢᠭᠦᠯᠬᠦ ᠬᠡᠷᠡᠭᠲᠡᠢ ᠭᠡᠵᠡᠢ᠃ ᠬᠤᠷᠠᠯ ᠠᠴᠠ ᠴᠢᠬᠤᠯᠠᠴᠢᠯᠠᠬᠤ ᠳᠤ ᠪᠠᠨ᠂ ︽ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠬᠦ ᠳᠦᠷᠢᠮ︾ ᠵᠡᠷᠭᠡ ᠬᠠᠤᠯᠢ ᠲᠣᠭᠲᠠᠭᠠᠯ ᠤᠨ ᠬᠤᠯᠪᠣᠭᠳᠠᠯ ᠪᠦᠬᠦᠢ ᠢᠵᠢ ᠪᠦᠷᠢᠳᠦᠭᠰᠡᠨ ᠳᠦᠷᠦ ᠶᠢᠨ ᠪᠤᠲᠤᠯᠭ᠎ᠠ ᠶᠢ ᠱᠠᠯᠠᠪᠳᠠᠨ ᠲᠣᠭᠲᠠᠭᠠᠨ ᠲᠡᠭᠦᠯᠳᠡᠷᠵᠢᠭᠦᠯᠵᠦ᠂ ᠳᠠᠩᠰᠠᠨ ᠵᠣᠭᠤᠰ ᠢ ᠥᠷᠢᠲᠦᠬᠦ ᠠᠰᠠᠭᠤᠳᠠᠯ ᠢ ᠦᠨᠳᠦᠰᠦᠨ ᠠᠴᠠ ᠨᠢ ᠪᠠᠭᠠᠰᠬᠠᠨ ᠰᠡᠷᠭᠡᠶᠢᠯᠡᠬᠦ ᠬᠡᠷᠡᠭᠲᠡᠶ ᠭᠡᠵᠡᠢ᠃      ᠬᠤᠷᠠᠯ ᠠᠴᠠ ᠵᠢᠭᠠᠬᠤ ᠳᠤ ᠪᠠᠨ᠂ ᠬᠥᠯᠥᠰᠥᠨ ᠠᠵᠢᠯᠴᠢᠨ ᠤ ᠴᠠᠯᠢᠩ ᠢ ᠴᠠᠭ ᠲᠤᠬᠠᠶ ᠳᠤ ᠨᠢ ᠲᠤᠭ᠎ᠠ ᠶᠣᠰᠣᠭᠠᠷ ᠣᠯᠭᠤᠬᠤ ᠶᠢ ᠪᠠᠲᠤᠯᠠᠬᠤ ᠪᠣᠯ ᠬᠥᠯᠥᠰᠥᠨ ᠠᠵᠢᠯᠴᠢᠨ ᠤ ᠭᠡᠷ ᠪᠦᠯᠢ ᠶᠢᠨ ᠦᠨᠳᠦᠰᠦᠨ ᠠᠮᠢᠳᠤᠷᠠᠯ ᠳᠤ ᠬᠤᠯᠪᠣᠭᠳᠠᠬᠤ ᠶᠡᠭᠡ ᠶᠠᠪᠤᠳᠠᠯ ᠮᠥᠨ᠃ ᠵᠢᠯ ᠤᠨ ᠡᠴᠦᠰ ᠣᠨ ᠤ ᠡᠬᠢ ᠨᠢ ᠶᠠᠭ ᠡᠯ᠎ᠡ ᠲᠥᠷᠥᠯ ᠵᠦᠢᠯ᠂ ᠪᠠᠷᠢᠯᠭ᠎ᠠ ᠶᠢᠨ ᠪᠡᠯᠡ ᠮᠥᠩᠭᠦ ᠶᠢ ᠳ᠋ᠦᠩᠨᠡᠨ ᠪᠣᠳᠣᠬᠤ ᠬᠤᠭᠤᠴᠠᠭ᠎ᠠ ᠪᠠᠶᠢᠵᠤ᠂ ᠡᠪᠦᠯ ᠤᠨ ᠤᠯᠠᠷᠢᠯ ᠤᠨ ᠲᠤᠰᠬᠠᠶ ᠠᠵᠢᠯᠯᠠᠭ᠎ᠠ ᠶᠢ ᠥᠷᠨᠢᠭᠦᠯᠵᠦ ᠬᠥᠯᠥᠰᠥᠨ ᠠᠵᠢᠯᠴᠢᠨ ᠤ ᠴᠠᠯᠢᠩ ᠢ ᠤᠳᠠᠭᠠᠰᠢᠷᠠᠭᠤᠯᠤᠨ ᠥᠷᠢᠲᠦᠵᠦ ᠪᠠᠶᠢᠭ᠎ᠠ ᠪᠠᠶᠢᠳᠠᠯ ᠢ ᠵᠠᠰᠠᠬᠤ ᠡᠷᠴᠢᠮ ᠢᠶᠠᠨ ᠴᠢᠩᠭᠠᠷᠠᠭᠤᠯᠵᠤ᠂ ᠪᠠᠷᠢᠯᠭ᠎ᠠ ᠶᠢᠨ ᠪᠦᠳᠦᠭᠡᠨ ᠪᠠᠶᠢᠭᠤᠯᠤᠯᠲᠠ ᠢᠯᠠᠩᠭᠤᠶ᠎ᠠ ᠵᠠᠰᠠᠭ ᠤᠨ ᠣᠷᠳᠣᠨ ᠤ ᠴᠢᠨᠠᠷᠲᠠᠶ ᠪᠡᠯᠡ ᠣᠷᠣᠭᠤᠯᠤᠯᠲᠠ ᠪᠠ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠲᠥᠷᠥᠯ ᠵᠦᠢᠯ ᠢᠶᠠᠷ ᠭᠤᠣᠯᠳᠠᠯᠭ᠎ᠠ ᠪᠣᠯᠭᠠᠨ᠂ ᠬᠥᠯᠥᠰᠥᠨ ᠠᠵᠢᠯᠴᠢᠨ ᠤ ᠴᠠᠯᠢᠩ ᠤᠨ ᠲᠤᠰᠬᠠᠶ ᠲᠠᠩᠰᠠᠨ ᠡᠷᠦᠬᠡ ᠳᠤ ᠲᠣᠭᠠᠴᠠᠭ᠎ᠠ ᠬᠢᠭᠰᠡᠨ ᠪᠠᠶᠢᠳᠠᠯ᠂ ᠪᠠᠷᠢᠯᠭ᠎ᠠ ᠶᠢᠨ ᠠᠵᠢᠯ ᠢ ᠶᠡᠷᠦᠩᠬᠡᠶᠢᠯᠡᠨ ᠳᠠᠭᠠᠭᠠᠴᠢᠯᠠᠭᠰᠠᠨ ᠨᠢᠭᠡᠴᠢ ᠠᠴᠠ ᠣᠷᠣᠯᠠᠨ ᠲᠠᠷᠬᠠᠭᠠᠬᠤ ᠵᠡᠷᠭᠡ ᠪᠠᠲᠤᠯᠠᠭ᠎ᠠ ᠶᠢᠨ ᠲᠦᠷᠢᠮ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠪᠦᠬᠦ ᠲᠠᠯ᠎ᠠ ᠪᠠᠷ ᠬᠠᠷᠭᠤᠭᠤᠯᠤᠨ ᠪᠠᠶᠢᠴᠠᠭᠠᠵᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠪᠠ ᠬᠢᠨᠠᠨ ᠪᠤᠳᠤᠯᠳᠠ ᠶᠢᠨ ᠬᠢᠨᠠᠯᠲᠠ ᠶᠢ ᠴᠢᠩᠭᠠᠳᠬᠠᠬᠤ ᠬᠡᠷᠡᠭᠲᠡᠶ᠃ ᠴᠠᠯᠢᠩ ᠥᠷᠢᠲᠦᠭᠰᠡᠨ ᠦᠢᠯᠡ ᠠᠵᠢᠯᠯᠠᠭ᠎ᠠ ᠶᠢ ᠬᠠᠤᠯᠢ ᠲᠣᠭᠲᠠᠭᠠᠯ ᠶᠣᠰᠣᠭᠠᠷ ᠴᠢᠩᠭ᠎ᠠ ᠰᠢᠢᠳᠬᠡᠵᠦ᠂ ᠲᠤᠰᠢᠶᠠᠯ ᠳᠤ ᠪᠠᠨ ᠣᠰᠣᠯᠳᠠᠵᠤ ᠬᠠᠷᠢᠭᠤᠴᠠᠯᠭ᠎ᠠ ᠠᠯᠳᠠᠭᠰᠠᠨ ᠠᠯᠪᠠᠨ ᠲᠤᠰᠢᠶᠠᠯᠲᠠᠨ ᠢ ᠵᠠᠷᠯᠠᠨ ᠮᠡᠳᠡᠭᠳᠡᠬᠦ ᠪᠠ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ᠃ ᠬᠥᠯᠥᠰᠥᠨ ᠠᠵᠢᠯᠴᠢᠨ ᠤ ᠬᠠᠤᠯᠢ ᠶᠣᠰᠣᠨ ᠤ ᠡᠷᠬᠡ ᠠᠰᠢᠭ ᠢ ᠦᠨᠡᠨ ᠪᠣᠳᠠᠲᠠᠢ ᠪᠠᠷ ᠬᠠᠮᠠᠭᠠᠯᠠᠬᠤ ᠬᠡᠷᠡᠭᠲᠡᠢ ᠭᠡᠵᠡᠢ᠃      ᠬᠤᠷᠠᠯ ᠠᠴᠠ ᠵᠢᠭᠠᠵᠤ ᠭᠠᠷᠭᠠᠭᠰᠠᠨ ᠨᠢ᠂ ︽ᠠᠷᠪᠠᠨ ᠭᠤᠷᠪᠠᠳᠤᠭᠠᠷ ᠲᠠᠪᠤᠨ ᠵᠢᠯ︾᠎ ᠤᠨ ᠲᠥᠯᠥᠪᠵᠢᠭᠦᠯᠭᠡ ᠶᠢᠨ ᠬᠤᠭᠤᠴᠠᠭᠠᠨ ᠳᠤ᠂ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠯ ᠲᠦᠷᠭᠡᠨ ᠠᠬᠢᠴᠠ ᠲᠠᠢ ᠪᠣᠯᠵᠣ᠂ ᠠᠵᠢᠯᠲᠠᠨ ᠠᠵᠢᠯᠴᠢᠨ᠂ ᠬᠥᠯᠥᠰᠥᠨ ᠠᠵᠢᠯᠴᠢᠨ᠂ ᠶᠠᠳᠠᠭᠤ ᠬᠦᠴᠢᠷᠳᠡᠯᠲᠡᠶ ᠬᠥᠳᠡᠯᠮᠦᠷᠢ ᠬᠦᠴᠦᠨ ᠵᠡᠷᠭᠡ ᠶᠢᠨ ᠨᠥᠬᠦᠪᠥᠷᠢ ᠶᠢᠨ ᠴᠢᠨᠠᠷᠲᠠᠶ ᠪᠣᠯᠪᠠᠰᠤᠷᠠᠯ ᠢ 1 ᠳ᠋ᠦᠩᠰᠢᠭᠤᠷ ᠰᠢᠬᠠᠮ ᠬᠥᠮᠦᠨ ᠤᠳᠠᠭ᠎ᠠ ᠥᠷᠨᠢᠭᠦᠯᠵᠦ᠂ ᠢᠯᠠᠩᠭᠤᠶ᠎ᠠ ᠠᠵᠢᠯ ᠠᠯᠳᠠᠯᠲᠠ ᠶᠢᠨ ᠳᠠᠭᠠᠳᠬᠠᠯ ᠤᠨ ᠰᠠᠭᠤᠷᠢ ᠮᠥᠩᠭᠦ ᠶᠢ ᠬᠡᠷᠡᠭᠯᠡᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢ ᠳᠡᠭᠡᠭᠰᠢᠯᠡᠭᠦᠯᠬᠦ ᠭᠤᠷᠪᠠᠨ ᠵᠢᠯ ᠤᠨ ᠠᠵᠢᠯᠯᠠᠭ᠎ᠠ ᠶᠢ ᠬᠡᠷᠡᠭᠵᠢᠭᠦᠯᠦᠭᠰᠡᠨ ᠨᠢ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠠᠵᠢᠯ ᠣᠯᠭᠤᠯᠲᠠ ᠶᠢ ᠠᠬᠢᠭᠤᠯᠬᠤ ᠳᠤ ᠴᠢᠬᠤᠯᠠ ᠦᠢᠯᠡᠳᠦᠯ ᠪᠠᠳᠠᠷᠠᠭᠤᠯᠤᠭᠰᠠᠨ ᠪᠠᠶᠢᠨ᠎ᠠ᠃ ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠲᠥᠯᠥᠪᠵᠢᠭᠦᠯᠭᠡ ᠶᠢᠨ ᠬᠤᠭᠤᠴᠠᠭᠠᠨ ᠳᠤ᠂ ᠠᠵᠢᠯ ᠣᠯᠭᠤᠯᠲᠠ ᠶᠢᠨ ᠤᠳᠤᠷᠢᠳᠤᠮᠵᠢ ᠶᠢ ᠪᠠᠷᠢᠮᠲᠠᠯᠠᠵᠤ᠂ ᠵᠠᠬ᠎ᠠ ᠳᠡᠯᠭᠡᠭᠦᠷ ᠤᠨ ᠬᠡᠷᠡᠭᠴᠡᠭᠡ ᠳᠤ ᠵᠣᠬᠢᠴᠠᠭᠤᠯᠤᠨ᠂ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠯ ᠤᠨ ᠪᠠᠭᠲᠠᠭᠠᠮᠵᠢ ᠶᠢ ᠥᠷᠭᠡᠳᠬᠡᠨ ᠶᠠᠰᠤ ᠴᠢᠨᠠᠷ ᠢ ᠳᠡᠭᠡᠭᠰᠢᠯᠡᠭᠦᠯᠬᠦ ᠶᠢ ᠠᠬᠢᠭᠤᠯᠬᠤ ᠬᠡᠷᠡᠭᠲᠡᠶ᠃ ᠨᠢᠭᠡ ᠳᠤ᠂ ᠡᠯ᠎ᠡ ᠲᠥᠷᠥᠯ ᠤᠨ ᠠᠵᠢᠯ ᠮᠡᠷᠭᠡᠵᠢᠯ ᠤᠨ ᠶᠡᠭᠡ ᠳᠡᠭᠡᠳᠦ ᠰᠤᠷᠭᠠᠭᠤᠯᠢ ᠪᠠ ᠠᠵᠢᠯ ᠮᠡᠷᠭᠡᠵᠢᠯ ᠤᠨ ᠪᠣᠯᠪᠠᠰᠤᠷᠠᠯ ᠤᠨ ᠪᠠᠶᠢᠭᠤᠯᠤᠮᠵᠢ ᠶᠢᠨ ᠪᠣᠯᠪᠠᠰᠤᠷᠠᠯ ᠥᠷᠨᠢᠭᠦᠯᠬᠦ ᠶᠢ ᠳᠡᠮᠵᠢᠵᠦ᠂ ᠠᠵᠤ ᠠᠬᠤᠶᠢᠯᠠᠯ ᠤᠨ ᠪᠣᠯᠪᠠᠰᠤᠷᠠᠯ ᠤᠨ ᠭᠤᠤᠯ ᠴᠣᠭᠴᠠ ᠶᠢᠨ ᠦᠢᠯᠡᠳᠦᠯ ᠢ ᠪᠠᠳᠠᠷᠠᠭᠤᠯᠤᠨ᠂ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠪᠣᠯᠪᠠᠰᠤᠷᠠᠯ ᠢ ᠴᠢᠩᠭᠠᠳᠬᠠᠵᠤ᠂ ᠠᠵᠢᠯᠲᠠᠨ ᠠᠵᠢᠯᠴᠢᠨ ᠤ ᠤᠷ᠎ᠠ ᠴᠢᠳᠠᠪᠤᠷᠢ ᠶᠢᠨ ᠪᠣᠯᠪᠠᠰᠤᠷᠠᠯ ᠤᠨ ᠲᠣᠭᠲᠠᠴᠠ ᠶᠢ ᠪᠦᠷᠢᠨᠰᠢᠭᠦᠯᠬᠦ ᠬᠡᠷᠡᠭᠲᠡᠢ᠃ ᠬᠤᠶᠠᠷ ᠲᠤ᠂ ᠲᠥᠪ ᠤᠨ ᠲᠥᠰᠦᠪ ᠤᠨ ᠳᠣᠲᠣᠷ ᠳᠣᠲᠣᠷ᠎ᠠ ᠣᠯᠠᠨ ᠨᠡᠶᠢᠲᠡ ᠶᠢᠨ ᠳᠠᠳᠤᠯᠭ᠎ᠠ ᠪᠣᠯᠪᠠᠰᠤᠷᠠᠯ ᠤᠨ ᠰᠠᠭᠤᠷᠢᠨ ᠭᠠᠵᠠᠷ ᠤᠨ ᠪᠦᠳᠦᠭᠡᠨ ᠪᠠᠶᠢᠭᠤᠯᠤᠯᠲᠠ ᠵᠡᠷᠭᠡ ᠳᠠᠬᠢ ᠪᠡᠯᠡ ᠣᠷᠣᠭᠤᠯᠤᠯᠲᠠ ᠶᠢᠨ ᠳᠡᠮᠵᠢᠯᠭᠡ ᠶᠢ ᠴᠢᠩᠭᠠᠳᠬᠠᠨ᠎ᠠ᠃ ᠪᠣᠯᠪᠠᠰᠤᠷᠠᠯ ᠤᠨ ᠵᠠᠷᠤᠳᠠᠯ ᠢ ᠭᠠᠶᠢᠯᠢ ᠲᠤᠰᠢᠶᠠᠬᠤ ᠠᠴᠠ ᠡᠮᠦᠨ᠎ᠡ ᠰᠠᠭᠤᠳᠬᠠᠨ ᠬᠠᠰᠤᠬᠤ ᠲᠥᠷᠥ ᠶᠢᠨ ᠪᠣᠳᠣᠯᠭ᠎ᠠ ᠶᠢ ᠪᠣᠳᠠᠲᠠᠶᠢᠵᠢᠭᠤᠯᠤᠨ᠎ᠠ᠃ ᠪᠣᠯᠪᠠᠰᠤᠷᠠᠯ ᠳᠤ ᠬᠡᠷᠡᠭᠯᠡᠬᠦ ᠬᠠᠮᠢᠶ᠎ᠠ ᠪᠥᠬᠦᠶ ᠪᠡᠯᠡᠳᠬᠡᠮᠵᠢ ᠶᠢ ᠬᠤᠳᠠᠯᠳᠤᠨ ᠠᠪᠬᠤ ᠳᠤ ᠭᠠᠶᠢᠯᠢ ᠲᠠᠲᠠᠪᠤᠷᠢ ᠶᠢᠨ ᠳᠡᠮᠵᠢᠯᠭᠡ ᠦᠵᠡᠭᠦᠯᠦᠨ᠎ᠡ᠃ ᠠᠵᠢᠯ ᠠᠯᠳᠠᠯᠲᠠ ᠶᠢᠨ ᠳᠠᠭᠠᠳᠬᠠᠯ ᠤᠨ ᠰᠠᠭᠤᠷᠢ ᠮᠥᠩᠭᠦ ᠶᠢ ᠦᠷᠭᠦᠯᠵᠢᠯᠡᠨ ᠬᠡᠷᠡᠭᠯᠡᠵᠦ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠪᠠ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠯ ᠥᠷᠨᠢᠭᠦᠯᠬᠦ ᠶᠢ ᠰᠤᠳᠤᠯᠤᠨ᠎ᠠ᠃ ᠭᠤᠷᠪᠠ ᠳᠤ᠂ ᠲᠡᠷᠢᠭᠦᠨ ᠤ ᠦᠢᠯᠡᠳᠬᠡᠯ ᠤᠨ ᠦᠢᠯᠡᠰ᠂ ᠣᠲᠣ ᠦᠶ᠎ᠡ ᠶᠢᠨ ᠦᠢᠯᠡᠴᠢᠯᠡᠭᠡᠨ ᠤ ᠦᠢᠯᠡᠰ ᠵᠡᠷᠭᠡ ᠳᠡᠭᠡᠳᠦ ᠮᠡᠷᠭᠡᠵᠢᠯ ᠤᠨ ᠴᠢᠳᠠᠪᠤᠷᠢᠲᠠᠨ ᠤ ᠬᠦᠮᠦᠵᠢᠭᠦᠯᠦᠯ ᠢ ᠴᠢᠩᠭᠠᠳᠬᠠᠨ᠎ᠠ᠃ ᠶᠡᠭᠡ ᠳᠡᠭᠡᠳᠦ ᠰᠤᠷᠭᠠᠭᠤᠯᠢ ᠲᠡᠭᠦᠰᠦᠭᠰᠡᠨ ᠰᠤᠷᠤᠭᠴᠢᠳ ᠵᠡᠷᠭᠡ ᠭᠤᠣᠯᠳᠠᠯᠭ᠎ᠠ ᠲᠠᠢ ᠬᠦᠮᠦᠰ ᠤᠨ ᠠᠵᠢᠯ ᠤᠯᠬᠤ ᠪᠠ ᠠᠳᠠᠯ ᠦᠢᠯᠡᠰ ᠴᠣᠭᠴᠠᠯᠠᠬᠤ ᠴᠢᠳᠠᠪᠤᠷᠢ ᠶᠢ ᠳᠡᠭᠡᠭᠰᠢᠯᠡᠭᠦᠯᠵᠦ᠂ ᠬᠥᠯᠥᠰᠥᠨ ᠠᠵᠢᠯᠴᠢᠨ ᠢ 3000 ᠲᠦᠮᠡᠨ ᠬᠥᠮᠦᠨ ᠤᠳᠠᠭ᠎ᠠ ᠠᠴᠠ ᠳᠡᠭᠡᠭᠰᠢ ᠪᠣᠯᠪᠠᠰᠤᠷᠠᠯ ᠳᠤ ᠣᠷᠣᠯᠴᠠᠭᠤᠯᠤᠨ᠎ᠠ᠃ ᠠᠵᠢᠯ ᠣᠯᠭᠤᠵᠤ ᠠᠳᠠᠯ ᠦᠢᠯᠡᠰ ᠴᠣᠭᠴᠠᠯᠠᠬᠤ ᠳᠤ ᠬᠠᠨᠳᠤᠭᠤᠯᠤᠭᠰᠠᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠪᠠ ᠪᠣᠯᠪᠠᠰᠤᠷᠠᠯ ᠤᠨ ᠶᠠᠰᠤ ᠴᠢᠨᠠᠷ ᠢ ᠳᠡᠭᠡᠭᠰᠢᠯᠡᠭᠦᠯᠦᠨ᠎ᠡ ᠭᠡᠵᠡᠢ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号