ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠵᠠᠩ ᠵᠠᠨ ᠯᠢᠨ ᠨᠡᠷ ᠮᠠᠨ ᠤ ᠬᠤᠰᠢᠭᠤᠨ ᠤ ︽ᠣᠷᠳᠣᠰ ᠬᠤᠲᠠ ᠶᠢᠨ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠲᠦᠷᠢᠮ︾᠎ ᠢ ᠲᠤᠤᠱᠯᠠᠭᠤᠯᠤᠨ ᠬᠡᠷᠡᠭᠵᠢᠭᠦᠯᠦᠭᠰᠡᠨ ᠪᠠᠶᠢᠳᠠᠯ ᠢ ᠪᠠᠶᠢᠴᠠᠭᠠᠨ ᠵᠢᠯᠣᠭᠤᠳᠪᠠ
ᠨᠡᠶᠢᠲᠡᠯᠡᠭᠰᠡᠨ ᠴᠠᠭ᠄
2021/3/17
           3 ᠰᠠᠷ᠎ᠠ ᠶᠢᠨ 15᠎ ᠠᠴᠠ 16᠎ ᠤ ᠡᠳᠦᠷ ᠪᠣᠯᠲᠠᠯ᠎ᠠ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠵᠠᠩ ᠵᠠᠨ ᠯᠢᠨ ᠨᠡᠷ ᠮᠠᠨ ᠤ ᠬᠤᠰᠢᠭᠤᠨ ᠤ ︽ᠣᠷᠳᠣᠰ ᠬᠤᠲᠠ ᠶᠢᠨ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠲᠦᠷᠢᠮ︾᠎ ᠢ ᠲᠤᠤᠱᠯᠠᠭᠤᠯᠤᠨ ᠬᠡᠷᠡᠭᠵᠢᠭᠦᠯᠦᠭᠰᠡᠨ ᠪᠠᠶᠢᠳᠠᠯ ᠢ ᠪᠠᠶᠢᠴᠠᠭᠠᠨ ᠵᠢᠯᠤᠭᠤᠳᠴᠤ ᠰᠠᠭᠤᠳᠠᠯ ᠤᠨ ᠬᠤᠷᠠᠯ ᠬᠤᠷᠠᠯᠳᠤᠭᠤᠯᠪᠠ᠃ ᠬᠤᠰᠢᠭᠤ ᠨᠠᠮ ᠤᠨ ᠬᠤᠷᠢᠶᠠᠨ ᠤ ᠱᠦᠵᠢ ᠬᠤᠸᠠ ᠷᠦᠢ ᠹᠧᠩ ᠬᠤᠷᠠᠯ ᠢ ᠡᠷᠭᠢᠯᠡᠪᠡ᠃      ᠬᠤᠷᠠᠯ ᠳᠡᠭᠡᠷ᠎ᠡ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ ᠰᠦ᠋ ᠰᠢᠨ ᠶᠠ ᠮᠠᠨ ᠤ ᠬᠤᠰᠢᠭᠤᠨ ᠤ ︽ᠣᠷᠳᠣᠰ ᠬᠤᠲᠠ ᠶᠢᠨ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠲᠦᠷᠢᠮ︾᠎ ᠢ ᠲᠤᠤᠱᠯᠠᠭᠤᠯᠤᠨ ᠨᠠᠶᠢᠳᠠᠪᠤᠷᠢᠵᠢᠭᠤᠯᠤᠭᠰᠠᠨ ᠬᠤᠯᠪᠣᠭᠳᠠᠯ ᠪᠥᠬᠦᠶ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠬᠢᠵᠦ᠂ ᠬᠤᠷᠠᠯ ᠳᠤ ᠣᠷᠣᠯᠴᠠᠭᠰᠠᠳ ᠲᠣᠰ ᠲᠣᠰ ᠰᠠᠨᠠᠯ ᠰᠠᠨᠠᠭᠤᠯᠭ᠎ᠠ ᠳᠤᠷᠠᠳᠪᠠ᠃      ᠵᠠᠩ ᠵᠠᠨ ᠯᠢᠨ ᠡᠵᠡᠨ ᠬᠤᠷᠤᠭ᠎ᠠ ᠬᠤᠰᠢᠭᠤᠨ ᠤ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢ ᠠᠬᠢᠭᠤᠯᠬᠤ ᠠᠵᠢᠯ ᠢ ᠭᠦᠶᠴᠡᠳ ᠨᠤᠲᠠᠯᠠᠪᠠ᠃ ᠪᠣᠬᠢᠷᠲᠤᠯ ᠥᠬᠡᠶ ᠠᠭᠤᠷᠬᠠᠶ ᠶᠢ ᠪᠥᠲᠥᠭᠡᠨ ᠪᠠᠶᠢᠭᠤᠯᠬᠤ ᠪᠣᠯ ᠶᠡᠷᠦᠩᠬᠡᠶ ᠱᠦᠵᠢ ᠰᠢ ᠶᠢᠨ ᠫᠢᠩ ᠤᠨ ︽ᠠᠮᠢ ᠠᠬᠤᠶ ᠶᠢ ᠤᠷᠢᠳ ᠢᠶᠠᠷ ᠪᠣᠳᠣᠯᠬᠢᠯᠠᠵᠤ ᠪᠣᠬᠢᠷᠲᠤᠯ ᠥᠬᠡᠶ ᠬᠥᠭᠵᠢᠭᠦᠯᠬᠦ︾ ᠣᠶᠢᠯᠠᠭᠠᠭᠳᠠᠬᠤᠨ ᠢ ᠨᠠᠶᠢᠳᠠᠪᠤᠷᠢᠵᠢᠭᠤᠯᠬᠤ ᠴᠢᠬᠤᠯᠠ ᠠᠷᠭ᠎ᠠ ᠮᠥᠨ᠂ ᠪᠠᠰᠠ ᠴᠤ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢ ᠲᠦᠷᠭᠡᠳᠬᠡᠨ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠮᠥᠨ᠃ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢᠨ ᠴᠢᠬᠤᠯᠠ ᠠᠴᠢ ᠬᠤᠯᠪᠣᠭᠳᠠᠯ ᠢ ᠭᠦᠨᠵᠡᠭᠡᠶ ᠲᠠᠨᠢᠵᠤ᠂ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢᠨ ᠲᠤᠯᠭᠠᠮ᠎ᠠ ᠰᠡᠳᠬᠢᠯᠭᠡ ᠪᠠ ᠬᠠᠷᠢᠭᠤᠴᠠᠯᠭᠠᠲᠤ ᠰᠡᠳᠬᠢᠯᠭᠡ ᠪᠠᠨ ᠦᠨᠡᠨᠬᠦ ᠴᠢᠩᠭᠠᠳᠬᠠᠬᠤ ᠬᠡᠷᠡᠭᠲᠡᠶ᠃ ︽ᠣᠷᠳᠣᠰ ᠬᠤᠲᠠ ᠶᠢᠨ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠎ ᠶᠢᠨ ᠬᠠᠮᠢᠶᠠᠷᠤᠯᠲᠠ ᠶᠢᠨ ᠲᠦᠷᠢᠮ︾ ᠪᠣᠯᠤᠨ ᠳᠡᠭᠡᠳᠦ ᠱᠠᠲᠤᠨ ᠤ ᠬᠤᠯᠪᠣᠭᠳᠠᠯ ᠪᠥᠬᠦᠶ ᠲᠥᠷᠥ ᠶᠢᠨ ᠪᠣᠳᠣᠯᠭ᠎ᠠ ᠎ ᠶᠢᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢᠨ ᠳᠣᠲᠣᠭᠠᠳᠤ ᠱᠠᠭᠠᠷᠳᠠᠯᠭ᠎ᠠ ᠪᠣᠯᠤᠨ ᠭᠤᠤᠯᠳᠠᠯᠭ᠎ᠠ ᠲᠠᠢ ᠡᠭᠦᠷᠭᠡ ᠶᠢ ᠣᠨᠣᠪᠴᠢᠲᠠᠶ ᠡᠵᠡᠮᠳᠡᠵᠦ᠂ ᠪᠣᠬᠢᠷᠲᠤᠯ ᠥᠬᠡᠶ ᠠᠭᠤᠷᠬᠠᠶ ᠶᠢᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ᠂ ᠠᠭᠤᠷᠬᠠᠶ ᠶᠢᠨ ᠠᠮᠢ ᠠᠬᠤᠶ ᠣᠷᠴᠢᠨ ᠲᠣᠭᠤᠷᠢᠨ ᠢ ᠵᠠᠰᠠᠬᠤ ᠡᠯ᠎ᠡ ᠵᠦᠶᠯ ᠤᠨ ᠠᠵᠢᠯ ᠢ ᠥᠨᠳᠥᠷ ᠪᠠᠷᠢᠮᠵᠢᠶ᠎ᠠ ᠪᠠᠷ ᠴᠢᠨᠠᠷ ᠰᠠᠶᠢᠲᠠᠶ ᠰᠠᠶᠢᠲᠤᠷ ᠠᠳᠬᠤᠬᠤ ᠬᠡᠷᠡᠭᠲᠡᠶ᠃ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠎ ᠳᠠᠬᠢ ᠠᠵᠤ ᠠᠬᠤᠶᠢᠯᠠᠯ ᠤᠨ ᠭᠤᠤᠯ ᠴᠣᠭᠴᠠ ᠶᠢᠨ ᠬᠠᠷᠢᠭᠤᠴᠠᠯᠭ᠎ᠠ ᠵᠢᠴᠢ ᠡᠯ᠎ᠡ ᠱᠠᠲᠤᠨ ᠤ ᠵᠠᠰᠠᠭ ᠤᠨ ᠣᠷᠳᠣᠨ ᠪᠣᠯᠤᠨ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠪᠣᠳᠠᠲᠠᠶᠢᠵᠢᠭᠤᠯᠵᠤ᠂ ︽ᠣᠷᠳᠣᠰ ᠬᠤᠲᠠ ᠶᠢᠨ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠲᠦᠷᠢᠮ︾᠎ ᠤᠨ ᠪᠥᠬᠦ ᠲᠠᠯ᠎ᠠ ᠪᠠᠷ᠂ ᠴᠢᠩᠭ᠎ᠠ ᠬᠡᠷᠡᠭᠵᠢᠭᠦᠯᠦᠭᠳᠡᠬᠦ ᠶᠢ ᠦᠨᠡᠨᠬᠦ ᠪᠠᠲᠤᠯᠠᠵᠤ᠂ ᠮᠠᠨ ᠤ ᠬᠤᠲᠠ ᠶᠢᠨ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢᠨ ᠰᠢᠨ᠎ᠡ ᠪᠠᠶᠢᠳᠠᠯ ᠢ ᠴᠢᠷᠮᠠᠶᠢᠨ ᠡᠭᠦᠳᠬᠦ ᠬᠡᠷᠡᠭᠲᠡᠶ ᠬᠡᠵᠦ ᠵᠢᠭᠠᠨ ᠭᠠᠷᠭᠠᠪᠠ᠃      ᠬᠤᠸᠠ ᠷᠦᠢ ᠹᠧᠩ ᠢᠯᠡᠷᠬᠡᠶᠢᠯᠡᠬᠦ ᠳᠡᠭᠡᠨ᠂ ᠡᠵᠡᠨ ᠬᠤᠷᠤᠭ᠎ᠠ ᠬᠤᠰᠢᠭᠤ ᠲᠣᠰ ᠤᠳᠠᠭᠠᠨ ᠤ ᠪᠠᠶᠢᠴᠠᠭᠠᠯᠲᠠ ᠵᠢᠯᠣᠭᠤᠳᠣᠯᠭ᠎ᠠ ᠪᠠᠷ ᠠᠵᠠ ᠲᠣᠬᠢᠶᠠᠯ ᠪᠣᠯᠭᠠᠵᠤ᠂ ︽ᠣᠷᠳᠣᠰ ᠬᠤᠲᠠ ᠶᠢᠨ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠲᠦᠷᠢᠮ︾᠎ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠠᠭᠤᠷᠬᠠᠶ ᠶᠢᠨ ᠭᠠᠵᠠᠷ ᠤᠨ ᠣᠷᠴᠢᠨ ᠲᠣᠭᠤᠷᠢᠨ ᠢ ᠰᠡᠷᠭᠦᠭᠡᠨ ᠵᠠᠰᠠᠬᠤ ᠰᠠᠭᠤᠷᠢ ᠮᠥᠩᠭᠦ ᠶᠢ ᠨᠢᠭᠡᠳᠦᠯᠲᠡᠶ ᠲᠥᠯᠥᠪᠵᠢᠭᠦᠯᠦᠨ ᠰᠠᠶᠢᠲᠤᠷ ᠬᠡᠷᠡᠭᠯᠡᠵᠦ᠂ ︽ ᠲᠤᠬᠠᠢ ᠶᠢᠨ ᠭᠠᠵᠠᠷ ᠤᠨ ᠪᠠᠶᠢᠳᠠᠯ ᠳᠤᠨᠢ ᠳᠣᠭᠢᠷᠠᠭᠤᠯᠤᠨ ᠨᠢᠭᠡ ᠠᠭᠤᠷᠬᠠᠶ ᠳᠤ ᠨᠢᠭᠡ ᠠᠷᠭ᠎ᠠ ᠪᠣᠳᠣᠯᠭ᠎ᠠ ᠠᠪᠬᠤ︾᠂ ᠪᠣᠬᠢᠷᠲᠤᠯ ᠥᠬᠡᠶ ᠠᠭᠤᠷᠬᠠᠶ ᠶᠢᠨ ᠲᠥᠯᠥᠪᠵᠢᠭᠦᠯᠭᠡ ᠶᠢ ᠨᠠᠷᠢᠯᠢᠭ ᠣᠨᠣᠪᠴᠢᠲᠠᠶ ᠨᠠᠶᠢᠷᠠᠭᠤᠯᠤᠨ ᠵᠣᠬᠢᠶᠠᠵᠤ᠂ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠪᠠ ᠠᠮᠢ ᠠᠬᠤᠶ ᠶᠢ ᠰᠡᠷᠭᠦᠭᠡᠨ ᠵᠠᠰᠠᠬᠤ ᠶᠢ ᠤᠶᠠᠯᠳᠤᠭᠤᠯᠵᠤ᠂ ᠠᠵᠤ ᠦᠶᠯᠡᠰ ᠤᠨ ᠬᠥᠭᠵᠢᠯᠲᠡ ᠬᠢᠭᠡᠳ ᠠᠵᠤ ᠠᠬᠤᠶ ᠶᠢᠨ ᠦᠷ᠎ᠡ ᠠᠰᠢᠭ᠂ ᠨᠡᠶᠢᠭᠡᠮ ᠤᠨ ᠦᠷ᠎ᠡ ᠠᠰᠢᠭ᠂ ᠠᠮᠢ ᠠᠬᠤᠶ ᠶᠢᠨ ᠦᠷ᠎ᠡ ᠠᠰᠢᠭ ᠤᠨ ᠣᠷᠭᠠᠨᠢᠭ ᠨᠢᠭᠡᠳᠦᠯ ᠢ ᠪᠡᠶᠡᠯᠡᠭᠦᠯᠵᠦ᠂ ᠡᠬᠢ ᠪᠠᠶᠠᠯᠢᠭ ᠤᠨ ᠬᠡᠯᠪᠡᠷᠢ ᠶᠢᠨ ᠭᠠᠵᠠᠷ ᠣᠷᠣᠨ ᠤ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢ ᠤᠷᠢᠳ ᠢᠶᠠᠷ ᠨᠡᠭᠡᠭᠡᠨ᠎ᠡ ᠬᠡᠪᠡ᠃      ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠵᠣᠣ ᠹᠸᠢ ᠯᠦ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠷᠢᠨ ᠪᠢᠴᠢᠭ ᠤᠨ ᠳᠠᠷᠤᠭ᠎ᠠ ᠹᠠᠨ ᠵᠢᠶᠦ᠋ᠨ ᠫᠢᠩ ᠵᠢᠴᠢ ᠬᠤᠲᠠ ᠶᠢᠨ ᠠᠷᠠᠳ ᠤᠨ ᠲᠥᠯᠥᠭᠡᠯᠡᠭᠴᠢᠳ ᠎ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠠᠤᠯᠢ ᠬᠡᠷᠡᠭᠵᠢᠭᠦᠯᠦᠯᠲᠡ ᠶᠢ ᠪᠠᠶᠢᠴᠠᠭᠠᠬᠤ ᠳᠤᠭᠤᠶᠢᠯᠠᠩ ᠤᠨ ᠪᠦᠷᠢᠯᠳᠦᠬᠦᠨ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠬᠤᠤ ᠶᠦᠩ ᠶᠣᠣ ᠵᠢᠴᠢ ᠬᠠᠮᠢᠶ᠎ᠠ ᠪᠥᠬᠦᠶ ᠰᠢᠶᠠᠨ ᠭᠠᠵᠠᠷ ᠤᠨ ᠲᠠᠰ ᠤᠨ ᠤᠳᠤᠷᠢᠳᠤᠯᠭ᠎ᠠ ᠰᠠᠭᠤᠳᠠᠯ ᠎ ᠤᠨ ᠬᠤᠷᠠᠯ ᠳᠤ ᠣᠷᠣᠯᠴᠠᠪᠠ᠃ ᠡᠯ᠎ᠡ ᠬᠤᠯᠪᠣᠭᠳᠠᠯ ᠪᠥᠬᠦᠶ ᠪᠠᠯᠭᠠᠰᠤ᠂ ᠰᠠᠯᠠᠭ᠎ᠠ ᠮᠥᠴᠢᠷ ᠤᠨ ᠬᠠᠷᠢᠭᠤᠴᠠᠯᠭᠠᠲᠠᠳ ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠡᠰᠡᠭ ᠲᠥᠯᠥᠭᠡᠯᠡᠭᠴᠢ᠂ ᠮᠠᠯᠴᠢᠨ ᠲᠠᠷᠢᠶᠠᠴᠢᠨ ᠤ ᠲᠥᠯᠥᠭᠡᠯᠡᠭᠴᠢ᠂ ᠦᠨᠳᠦᠰᠦᠨ ᠱᠠᠲᠤᠨ ᠤ ᠬᠠᠤᠯᠢ ᠬᠡᠷᠡᠭᠵᠢᠭᠦᠯᠬᠦ ᠠᠵᠢᠯᠲᠠᠨ ᠤ ᠲᠥᠯᠥᠭᠡᠯᠡᠭᠴᠢ ᠰᠠᠭᠤᠳᠠᠯ ᠤᠨ ᠬᠤᠷᠠᠯ ᠳᠤ ᠣᠷᠣᠯᠴᠠᠪᠠ᠃
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号