| ᠯᠢ ᠺᠧ ᠴᠢᠶᠠᠩ 2021 ᠣᠨ ᠤ ᠪᠦᠬᠦ ᠤᠯᠤᠰ ᠤᠨ ᠡᠮᠴᠢᠯᠡᠭᠡᠨ ᠤ ᠪᠠᠶᠢᠭᠤᠯᠤᠯ ᠤᠨ ᠥᠭᠡᠷᠡᠴᠢᠯᠡᠯᠲᠡ ᠶᠢᠨ | ᠠᠵᠢᠯ ᠤᠨ ᠲᠧᠯᠸᠢᠰ ᠤᠲᠠᠰᠤᠲᠤ ᠬᠤᠷᠠᠯ ᠳᠡᠭᠡᠷ᠎ᠡ ᠴᠢᠬᠤᠯᠠ ᠴᠣᠬᠤᠯᠠᠪᠤᠷᠢ ᠥᠭᠴᠦ ᠴᠢᠬᠤᠯᠠᠴᠢᠯᠠᠬᠤ ᠳᠤ ᠪᠠᠨ | ᠣᠯᠠᠨ ᠲᠦᠮᠡᠨ ᠤ ᠬᠦᠰᠡᠯ ᠱᠠᠭᠠᠷᠳᠠᠯᠭ᠎ᠠ ᠳᠤ ᠠᠩᠬᠠᠷᠤᠯ ᠢᠶᠠᠨ ᠲᠦᠪᠯᠡᠷᠡᠭᠦᠯᠵᠦ᠂ ᠡᠮᠴᠢᠯᠡᠭᠡᠨ ᠤ ᠪᠠᠶᠢᠭᠤᠯᠤᠯ ᠤᠨ | ᠥᠭᠡᠷᠡᠴᠢᠯᠡᠯᠲᠡ ᠶᠢ ᠥᠷᠬᠦᠯᠵᠢᠯᠡᠨ ᠠᠬᠢᠭᠤᠯᠵᠤ᠂ ᠣᠯᠠᠨ ᠲᠦᠮᠡᠨ ᠳᠤ ᠨᠡᠩ ᠳᠥᠭᠦᠮ ᠨᠡᠩ ᠰᠢᠯᠢᠳᠡᠭ | ᠡᠮᠴᠢᠯᠡᠭᠡᠨ ᠤ ᠦᠢᠯᠡᠴᠢᠯᠡᠭᠡ ᠬᠠᠩᠭᠠᠬᠤ ᠬᠡᠷᠡᠭᠲᠡᠢ ᠭᠡᠵᠡᠢ | ᠰᠦᠨ ᠴᠦᠨ ᠯᠠᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠢ | | | 2021 ᠣᠨ ᠤ ᠪᠥᠬᠦ ᠤᠯᠤᠰ ᠤᠨ ᠡᠮᠴᠢᠯᠡᠭᠡᠨ ᠤ ᠪᠠᠶᠢᠭᠤᠯᠤᠯ ᠤᠨ ᠥᠭᠡᠷᠡᠴᠢᠯᠡᠯᠲᠡ ᠶᠢᠨ ᠠᠵᠢᠯ ᠤᠨ | ᠲᠧᠯᠸᠢᠰ ᠤᠲᠠᠰᠤᠲᠤ ᠬᠤᠷᠠᠯ 7 ᠳ᠋ᠤᠭᠠᠷ ᠰᠠᠷ᠎ᠠ ᠶᠢᠨ 20 ᠤ ᠡᠳᠦᠷ ᠪᠡᠭᠡᠵᠢᠩ ᠳᠤ ᠬᠤᠷᠠᠯᠳᠤᠪᠠ᠃ ᠨᠠᠮ ᠤᠨ | ᠲᠥᠪ ᠬᠤᠷᠢᠶᠠᠨ ᠤ ᠤᠯᠣᠰ ᠲᠥᠷᠥ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠲᠥᠷᠥ ᠶᠢᠨ ᠶᠠᠪᠤᠳᠠᠯ ᠤᠨ | ᠬᠤᠷᠢᠶᠠᠨ ᠤ ᠶᠡᠷᠦᠩᠬᠡᠢ ᠰᠠᠶᠢᠳ ᠯᠢ ᠺᠧ ᠴᠢᠶᠠᠩ ᠴᠢᠬᠤᠯᠠ ᠴᠣᠬᠤᠯᠠᠪᠤᠷᠢ ᠥᠭᠪᠡ᠃ ᠴᠣᠬᠤᠯᠠᠪᠤᠷᠢ ᠳᠤ ᠪᠠᠨ᠄ | ᠡᠮᠴᠢᠯᠡᠭᠡ ᠡᠷᠡᠭᠦᠯ ᠬᠠᠮᠠᠭᠠᠯᠠᠯ ᠪᠣᠯ ᠠᠷᠠᠳ ᠲᠦᠮᠡᠨ ᠤ ᠠᠮᠢ ᠨᠠᠰᠤ ᠡᠷᠡᠭᠦᠯ ᠮᠡᠨᠳᠦ ᠶᠢ ᠬᠠᠮᠠᠭᠠᠯᠠᠬᠤ ᠪᠠᠲᠤ ᠪᠠᠬᠢ | ᠲᠦᠰᠢᠭ ᠮᠥᠨ᠃ ᠰᠢᠨ᠎ᠡ ᠨᠢᠭᠡ ᠡᠭᠡᠯᠵᠢ ᠶᠢᠨ ᠡᠮᠴᠢᠯᠡᠭᠡᠨ ᠤ ᠪᠠᠶᠢᠭᠤᠯᠤᠯ ᠤᠨ ᠥᠭᠡᠷᠡᠴᠢᠯᠡᠯᠲᠡ ᠠᠴᠠ ᠨᠠᠭᠠᠰᠢ᠂ | ᠦᠨᠳᠦᠰᠦᠨ ᠵᠦᠢᠯ ᠢ ᠪᠠᠲᠤᠯᠠᠬᠤ᠂ ᠲᠣᠭᠲᠠᠴᠠ ᠶᠢ ᠪᠠᠶᠢᠭᠤᠯᠬᠤ᠂ ᠦᠨᠳᠦᠰᠦᠨ ᠱᠠᠲᠤ ᠶᠢ ᠬᠦᠴᠦᠷᠬᠡᠭᠵᠢᠭᠦᠯᠬᠦ ᠪᠠᠷ | ᠳᠠᠮᠵᠢᠭᠤᠯᠤᠨ᠂ ᠮᠠᠨ ᠤ ᠤᠯᠤᠰ ᠤᠨ ᠦᠨᠳᠦᠰᠦᠨ ᠡᠮᠴᠢᠯᠡᠭᠡᠨ ᠤ ᠪᠠᠲᠤᠯᠠᠭ᠎ᠠ ᠪᠠ ᠡᠮᠴᠢᠯᠡᠭᠡ ᠡᠷᠡᠭᠦᠯ ᠬᠠᠮᠠᠭᠠᠯᠠᠯ ᠤᠨ | ᠦᠢᠯᠡᠴᠢᠯᠡᠭᠡᠨ ᠤ ᠬᠢᠷᠢ ᠲᠦᠪᠰᠢᠨ ᠦᠷᠭᠦᠯᠵᠢᠯᠡᠨ ᠰᠠᠶᠢᠵᠢᠷᠠᠵᠤ᠂ ᠢᠯᠠᠩᠭᠤᠶ᠎ᠠ ᠰᠢᠨ᠎ᠡ ᠲᠢᠳᠢᠮᠯᠢᠭ ᠠᠭᠤᠰᠬᠢᠨ | ᠦᠷᠪᠢᠰᠦᠯ ᠤᠨ ᠬᠢᠵᠢᠭ ᠤᠨ ᠪᠠᠶᠢᠳᠠᠯ ᠢ ᠡᠰᠡᠷᠭᠦᠴᠡᠬᠦ ᠶᠠᠪᠤᠴᠠ ᠳᠤ ᠡᠮ ᠡᠮᠨᠡᠯᠭᠡ ᠡᠷᠡᠭᠦᠯ ᠬᠠᠮᠠᠭᠠᠯᠠᠯ ᠤᠨ | ᠰᠢᠰᠲ᠋ᠧᠮ ᠤᠨ ᠬᠢᠨ ᠴᠢᠬᠤᠯᠠ ᠶᠡᠭᠡ ᠬᠤᠪᠢ ᠨᠡᠮᠡᠷᠢ ᠦᠵᠡᠭᠦᠯᠦᠭᠰᠡᠨ ᠪᠠᠶᠢᠨ᠎ᠠ᠃ ᠥᠷᠭᠡᠨ ᠤᠯᠠᠨ ᠡᠮᠨᠡᠯᠭᠡ ᠶᠢᠨ | ᠠᠵᠢᠯᠲᠠᠳ ᠪᠣᠯᠤᠨ ᠡᠮᠴᠢᠯᠡᠭᠡᠨ ᠤ ᠪᠠᠶᠢᠭᠤᠯᠤᠯ ᠤᠨ ᠥᠭᠡᠷᠡᠴᠢᠯᠡᠯᠲᠡ ᠶᠢᠨ ᠠᠵᠢᠯᠲᠠᠳ ᠲᠤ ᠴᠢᠩ ᠰᠡᠳᠬᠢᠯ ᠤᠨ | ᠲᠠᠯᠠᠷᠬᠠᠯ ᠢᠶᠠᠨ ᠳᠡᠪᠰᠢᠭᠦᠯᠵᠦ ᠪᠠᠶᠢᠨ᠎ᠠ︕ ᠪᠢᠳᠡ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ | ᠂ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠤᠳᠤᠯᠭ᠎ᠠ ᠶᠢᠨ | ᠪᠠᠶᠢᠷᠢᠯᠠᠭᠤᠯᠤᠯᠲᠠ ᠶᠢ ᠬᠢᠨᠠᠮᠠᠭᠠᠢ ᠲᠣᠭᠤᠰᠢᠯᠠᠭᠤᠯᠵᠤ᠂ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ | ᠳᠡᠭᠡᠳᠦᠯᠡᠬᠦ ᠶᠢ ᠪᠠᠷᠢᠮᠲᠠᠯᠠᠵᠤ᠂ ᠥᠷᠭᠡᠨ ᠤᠯᠠᠨ ᠲᠦᠮᠡᠨ ᠤ ᠬᠦᠰᠡᠯ ᠡᠷᠡᠮᠡᠯᠵᠡᠯ ᠳᠤ ᠠᠩᠬᠠᠷᠤᠯ ᠢᠶᠠᠨ | ᠲᠥᠪᠯᠡᠷᠡᠭᠦᠯᠦᠨ ᠡᠮᠴᠢᠯᠡᠭᠡᠨ ᠤ ᠪᠠᠶᠢᠭᠤᠯᠤᠯ ᠤᠨ ᠥᠭᠡᠷᠡᠴᠢᠯᠡᠯᠲᠡ ᠶᠢ ᠦᠷᠭᠦᠯᠵᠢᠯᠡᠨ ᠠᠬᠢᠭᠤᠯᠬᠤ ᠬᠡᠷᠡᠭᠲᠡᠢ᠃ | ᠤᠷᠢᠳᠴᠢᠯᠠᠨ ᠰᠡᠷᠭᠡᠶᠢᠯᠡᠬᠦ ᠪᠠᠷ ᠭᠤᠣᠯ ᠪᠣᠯᠭᠠᠬᠤ ᠪᠠ ᠡᠮᠨᠡᠬᠦ ᠰᠡᠷᠭᠡᠶᠢᠯᠡᠬᠦ ᠶᠢ ᠵᠣᠬᠢᠴᠠᠭᠤᠯᠬᠤ ᠶᠢ ᠨᠡᠩ | ᠴᠢᠬᠤᠯᠠᠴᠢᠯᠠᠵᠤ᠂ ᠡᠪᠡᠳᠴᠢᠨ ᠡᠮᠭᠡᠭ ᠢ ᠤᠷᠢᠳᠴᠢᠯᠠᠨ ᠰᠡᠷᠭᠡᠶᠢᠯᠡᠵᠦ ᠡᠵᠡᠮᠳᠡᠨ ᠬᠢᠵᠠᠭᠠᠷᠯᠠᠬᠤ ᠲᠣᠭᠲᠠᠯᠴᠠᠭ᠎ᠠ ᠶᠢ | ᠲᠦᠷᠭᠡᠪᠴᠢᠯᠡᠨ ᠲᠡᠭᠦᠯᠳᠡᠷᠵᠢᠭᠦᠯᠬᠦ ᠬᠡᠷᠡᠭᠲᠡᠢ᠃ ᠡᠪᠡᠳᠴᠢᠨ ᠦᠵᠡᠭᠦᠯᠬᠦ ᠳᠤ ᠬᠦᠴᠢᠷᠲᠡᠢ ᠪᠠ ᠡᠪᠡᠳᠴᠢᠨ | ᠦᠵᠡᠭᠦᠯᠬᠦ ᠳᠤ ᠦᠨᠡᠲᠡᠶ ᠠᠰᠠᠭᠤᠳᠠᠯ ᠢ ᠤᠯᠠᠮ ᠨᠢᠭᠡ ᠠᠯᠬᠤᠮ ᠨᠠᠮᠳᠠᠭᠤᠯᠬᠤ ᠶᠢᠨ ᠲᠣᠭᠤᠷᠢᠨ ᠳᠤ᠂ ᠡᠮᠴᠢᠯᠡᠭᠡ᠂ | ᠡᠮᠴᠢᠯᠡᠭᠡᠨ ᠤ ᠳᠠᠭᠠᠳᠬᠠᠯ᠂ ᠡᠮ ᠡᠮᠨᠡᠯᠭᠡ ︽ᠭᠤᠷᠪᠠᠨ ᠡᠮᠨᠡᠯᠭᠡ︾ ᠶᠢᠨ ᠬᠤᠯᠪᠣᠭᠠᠯᠠᠨ ᠬᠥᠳᠡᠯᠦᠯᠴᠡᠬᠦ | ᠥᠭᠡᠷᠡᠴᠢᠯᠡᠯᠲᠡ ᠶᠢ ᠭᠦᠨᠵᠡᠭᠡᠶ ᠠᠬᠢᠭᠤᠯᠵᠤ᠂ ᠤᠷᠢᠳᠴᠢᠯᠠᠨ ᠪᠣᠯᠵᠣᠵᠤ ᠣᠨᠣᠰᠢᠯᠠᠨ ᠡᠮᠨᠡᠬᠦ᠂ ᠪᠠᠶᠢᠴᠠᠭᠠᠵᠤ | ᠰᠢᠯᠭᠠᠭᠰᠠᠨ ᠦᠷ᠎ᠡ ᠳ᠋ᠦᠩ ᠢ ᠬᠠᠷᠢᠯᠴᠠᠨ ᠮᠡᠳᠡᠷᠡᠬᠦ᠂ ᠡᠭᠦᠳᠡᠨ ᠡᠮᠨᠡᠯᠭᠡ ᠶᠢᠨ ᠵᠠᠷᠤᠳᠠᠯ ᠢ ᠮᠤᠵᠢ ᠠᠯᠤᠰᠯᠠᠨ ᠰᠢᠭᠤᠳ | ᠲᠣᠭᠠᠴᠠᠨ ᠪᠤᠳᠤᠬᠤ ᠵᠡᠷᠭᠡ ᠠᠷᠠᠳ ᠲᠤ ᠲᠦᠬᠦᠮ ᠦᠵᠡᠭᠦᠯᠬᠦ ᠠᠷᠭ᠎ᠠ ᠬᠡᠮᠵᠢᠶ᠎ᠡ ᠶᠢ ᠶᠡᠭᠡ ᠪᠠᠷ ᠠᠬᠢᠭᠤᠯᠵᠤ᠂ ᠤᠯᠠᠨ | ᠲᠦᠮᠡᠨ ᠤ ᠪᠠᠴᠢᠮ ᠱᠠᠭᠠᠷᠳᠠᠯᠭ᠎ᠠ ᠳᠤ ᠳᠤᠲᠠᠭᠳᠠᠵᠤ ᠪᠠᠶᠢᠭ᠎ᠠ ᠡᠮ ᠤᠨ ᠵᠦᠢᠯ ᠤᠨ ᠬᠠᠩᠭᠠᠯᠭ᠎ᠠ ᠶᠢ ᠪᠠᠲᠤᠯᠠᠬᠤ ᠪᠠ | ᠦᠨ᠎ᠡ ᠬᠠᠩᠰᠢ ᠶᠢ ᠲᠣᠭᠲᠠᠪᠤᠷᠢᠵᠢᠭᠤᠯᠬᠤ ᠠᠵᠢᠯ ᠢ ᠦᠷᠭᠦᠯᠵᠢᠯᠡᠨ ᠰᠠᠶᠢᠲᠤᠷ ᠠᠳᠬᠤᠵᠤ᠂ ᠲᠥᠪᠯᠡᠷᠡᠭᠦᠯᠦᠨ | ᠬᠡᠮᠵᠢᠶ᠎ᠡ ᠲᠠᠢ ᠪᠠᠷ ᠬᠤᠳᠠᠯᠳᠤᠨ ᠠᠪᠬᠤ ᠶᠢ ᠥᠷᠭᠡᠳᠬᠡᠬᠦ ᠪᠠᠷ ᠳᠠᠮᠵᠢᠭᠤᠯᠤᠨ ᠡᠮ ᠡᠮᠨᠡᠯᠭᠡ ᠶᠢᠨ ᠵᠠᠷᠤᠳᠠᠯ ᠢ | ᠪᠠᠭᠤᠷᠠᠭᠤᠯᠬᠤ ᠶᠢᠨ ᠠᠰᠢᠭ ᠲᠤᠰᠠ ᠶᠢ ᠤᠯᠠᠨ ᠲᠦᠮᠡᠨ ᠳᠤ ᠨᠡᠩ ᠢᠯᠡᠭᠦᠦ ᠬᠦᠷᠲᠡᠭᠡᠬᠦ ᠬᠡᠷᠡᠭᠲᠡᠢ᠃ ᠣᠷᠣᠨ | ᠪᠦᠰᠡ ᠶᠢᠨ ᠡᠮᠴᠢᠯᠡᠭᠡᠨ ᠤ ᠲᠥᠪ ᠪᠠ ᠰᠢᠶᠠᠨ ᠤ ᠬᠡᠪᠴᠢᠶᠡᠨ ᠤ ᠡᠮᠴᠢᠯᠡᠭᠡᠨ ᠤ ᠬᠠᠮᠲᠤ ᠶᠢᠨ ᠴᠣᠭᠴᠠ ᠶᠢᠨ | ᠪᠠᠶᠢᠭᠤᠯᠤᠯᠲᠠ ᠶᠢ ᠲᠦᠷᠭᠡᠳᠬᠡᠵᠦ᠂ ᠬᠢᠲᠠᠳ ᠡᠮ ᠡᠮᠨᠡᠯᠭᠡ ᠶᠢ ᠬᠥᠭᠵᠢᠭᠦᠯᠦᠨ ᠮᠠᠨᠳᠤᠭᠤᠯᠬᠤ᠂ ᠬᠥᠳᠡᠭᠡ | ᠲᠣᠰᠬᠤᠨ ᠤ ᠡᠮᠴᠢ ᠶᠢᠨ ᠡᠩᠨᠡᠭᠡᠨ ᠤ ᠪᠠᠶᠢᠭᠤᠯᠤᠯᠲᠠ᠂ ︽ᠢᠨᠲ᠋ᠧᠷ ᠰᠦᠯᠵᠢᠶ᠎ᠡ + ᠡᠮᠴᠢᠯᠡᠭᠡ ᠡᠷᠡᠭᠦᠯ ᠮᠡᠨᠳᠤ︾ | ᠵᠡᠷᠭᠡ ᠭᠤᠣᠯᠳᠠᠯᠭ᠎ᠠ ᠲᠠᠢ ᠠᠵᠢᠯ ᠢ ᠰᠠᠶᠢᠲᠤᠷ ᠬᠢᠵᠦ᠂ ᠨᠡᠶᠢᠭᠡᠮ ᠤᠨ ᠬᠦᠴᠦᠨ ᠠᠴᠠ ᠡᠮᠨᠡᠯᠭᠡ ᠡᠷᠬᠢᠯᠡᠬᠦ ᠶᠢ ᠳᠡᠮᠵᠢᠬᠦ | ᠪᠠ ᠵᠢᠷᠤᠮᠵᠢᠭᠤᠯᠤᠨ ᠬᠥᠭᠵᠢᠭᠦᠯᠵᠦ᠂ ᠤᠯᠠᠨ ᠲᠦᠮᠡᠨ ᠳᠤ ᠨᠡᠩ ᠳᠥᠭᠦᠮ ᠨᠡᠩ ᠰᠢᠯᠢᠳᠡᠭ ᠡᠮᠴᠢᠯᠡᠭᠡᠨ ᠤ | ᠦᠢᠯᠡᠴᠢᠯᠡᠭᠡ ᠬᠦᠷᠲᠡᠭᠡᠵᠦ᠂ ᠠᠷᠠᠳ ᠲᠦᠮᠡᠨ ᠤ ᠠᠮᠢ ᠨᠠᠰᠤ ᠡᠷᠡᠭᠦᠯ ᠮᠡᠨᠳᠤ ᠶᠢ ᠨᠡᠩ ᠰᠠᠶᠢᠲᠤᠷ ᠪᠠᠲᠤᠯᠠᠬᠤ | ᠬᠡᠷᠡᠭᠲᠡᠢ ᠭᠡᠵᠦ ᠵᠢᠭᠠᠵᠤ ᠭᠠᠷᠭᠠᠪᠠ᠃ | ᠲᠥᠷᠥ ᠶᠢᠨ ᠶᠠᠪᠤᠳᠠᠯ ᠤᠨ ᠬᠤᠷᠢᠶᠠᠨ ᠤ ᠳᠡᠳ᠋ ᠶᠡᠷᠦᠩᠬᠡᠶ ᠰᠠᠶᠢᠳ᠂ ᠲᠥᠷᠥ ᠶᠢᠨ ᠶᠠᠪᠤᠳᠠᠯ ᠤᠨ ᠬᠤᠷᠢᠶᠠᠨ ᠤ | ᠡᠮᠴᠢᠯᠡᠭᠡᠨ ᠤ ᠪᠠᠶᠢᠭᠤᠯᠤᠯ ᠤᠨ ᠥᠭᠡᠷᠡᠴᠢᠯᠡᠯᠲᠡ ᠶᠢᠨ ᠤᠳᠤᠷᠢᠳᠬᠤ ᠳᠤᠭᠤᠶᠢᠯᠠᠩ ᠤᠨ ᠳᠠᠷᠤᠭ᠎ᠠ ᠰᠦᠨ ᠴᠦᠨ ᠯᠠᠨ | ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠲᠡᠷᠡ ᠴᠢᠬᠤᠯᠠᠴᠢᠯᠠᠬᠤ ᠳᠤ ᠪᠠᠨ᠂ ᠰᠢ ᠶᠢᠨ ᠫᠢᠩ ᠶᠡᠷᠦᠩᠬᠡᠶ | ᠱᠦᠵᠢ ᠶᠢᠨ ︽7·1︾ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠤᠨ ᠡᠮᠴᠢᠯᠡᠭᠡᠨ ᠤ ᠪᠠᠶᠢᠭᠤᠯᠤᠯ ᠤᠨ | ᠥᠭᠡᠷᠡᠴᠢᠯᠡᠯᠲᠡ ᠶᠢᠨ ᠠᠵᠢᠯ ᠤᠨ ᠲᠤᠬᠠᠶ ᠠᠯᠢ ᠣᠯᠠᠨ ᠴᠢᠬᠤᠯᠠ ᠥᠭᠦᠯᠡᠯᠲᠡ ᠶᠢ ᠭᠦᠨᠵᠡᠭᠡᠶ ᠲᠤᠭᠤᠰᠢᠯᠠᠭᠤᠯᠵᠤ᠂ | ᠶᠡᠷᠦᠩᠬᠡᠶ ᠰᠠᠶᠢᠳ ᠯᠢ ᠺᠧ ᠴᠢᠶᠠᠩ ᠤᠨ ᠴᠣᠬᠤᠯᠠᠪᠤᠷᠢ ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠠᠷᠠᠳ | ᠲᠦᠮᠡᠨ ᠤ ᠡᠷᠡᠭᠦᠯ ᠮᠡᠨᠳᠦ ᠪᠠᠷ ᠭᠤᠣᠯ ᠪᠣᠯᠭᠠᠬᠤ ᠶᠢ ᠪᠠᠷᠢᠮᠲᠠᠯᠠᠵᠤ᠂ ᠰᠠᠨ ᠮᠢᠩ ᠬᠤᠲᠠ ᠶᠢᠨ ᠡᠮᠴᠢᠯᠡᠭᠡᠨ ᠤ | ᠪᠠᠶᠢᠭᠤᠯᠤᠯ ᠤᠨ ᠥᠭᠡᠷᠡᠴᠢᠯᠡᠯᠲᠡ ᠶᠢᠨ ᠲᠤᠷᠰᠢᠯᠭ᠎ᠠ ᠶᠢ ᠳᠡᠯᠭᠡᠷᠡᠭᠦᠯᠬᠦ ᠪᠠᠷ ᠭᠠᠷᠳᠠᠴᠠ ᠪᠣᠯᠭᠠᠵᠤ᠂ ︽ᠦᠨᠳᠦᠰᠦᠨ | ᠱᠠᠲᠤᠨ ᠳᠤ ᠠᠩᠬᠠᠨ ᠤ ᠣᠨᠣᠰᠢᠯᠠᠯᠲᠠ ᠬᠢᠬᠦ᠂ ᠬᠤᠤᠰ ᠴᠢᠭᠯᠡᠯ ᠢᠶᠠᠷ ᠰᠢᠯᠵᠢᠭᠦᠯᠦᠨ ᠣᠨᠣᠰᠢᠯᠠᠬᠤ᠂ ᠲᠦᠷᠭᠡᠨ ᠪᠠ | ᠤᠳᠠᠭᠠᠨ ᠴᠢᠨᠠᠷᠲᠠᠢ ᠡᠪᠡᠳᠴᠢᠨ ᠢ ᠰᠠᠯᠭᠠᠨ ᠵᠠᠰᠠᠬᠤ᠂ ᠳᠡᠭᠡᠳᠦ ᠳᠣᠤᠷᠠᠳᠤ ᠱᠠᠲᠤ ᠪᠠᠷ ᠢᠶᠠᠨ ᠬᠤᠯᠪᠣᠭᠠᠯᠠᠨ | ᠬᠥᠳᠡᠯᠦᠯᠴᠡᠬᠦ︾ ᠱᠠᠲᠤ ᠬᠤᠪᠢᠶᠠᠨ ᠣᠨᠣᠰᠢᠯᠠᠨ ᠡᠮᠨᠡᠬᠦ ᠪᠠᠶᠢᠷᠢᠰᠢᠯ ᠢ ᠪᠠᠶᠢᠭᠤᠯᠬᠤ ᠪᠠᠷ ᠬᠠᠷᠠᠯᠲᠠ ᠪᠣᠯᠭᠠᠵᠤ᠂ | ᠤᠷᠢᠳᠴᠢᠯᠠᠨ ᠰᠡᠷᠭᠡᠶᠢᠯᠡᠬᠦ ᠪᠠᠷ ᠭᠤᠤᠯ ᠪᠣᠯᠭᠠᠬᠤ ᠶᠢ ᠨᠠᠩ ᠴᠢᠬᠤᠯᠠᠴᠢᠯᠠᠨ᠂ ᠣᠯᠠᠨ ᠨᠡᠶᠢᠲᠡ ᠶᠢᠨ ᠡᠷᠡᠭᠦᠯ | ᠬᠠᠮᠠᠭᠠᠯᠠᠯ ᠤᠨ ᠲᠣᠭᠲᠠᠯᠴᠠᠭ᠎ᠠ ᠶᠢᠨ ᠪᠠᠶᠢᠭᠤᠯᠤᠯᠲᠠ ᠶᠢ ᠨᠠᠩ ᠴᠢᠬᠤᠯᠠᠴᠢᠯᠠᠵᠤ᠂ ᠡᠮᠴᠢᠯᠡᠭᠡᠨ ᠤ ᠪᠠᠶᠢᠭᠤᠯᠤᠯ ᠤᠨ | ᠥᠭᠡᠷᠡᠴᠢᠯᠡᠯᠲᠡ ᠶᠢᠨ ᠲᠥᠷᠥ ᠶᠢᠨ ᠪᠣᠳᠣᠯᠭ᠎ᠠ ᠶᠢᠨ ᠰᠢᠰᠲ᠋ᠧᠮ ᠲᠠᠢ ᠵᠣᠬᠢᠴᠠᠭᠤᠯᠵᠤ ᠬᠤᠯᠪᠣᠭᠠᠯᠠᠨ ᠬᠥᠳᠡᠯᠦᠯᠴᠡᠬᠦ ᠶᠢ | ᠨᠠᠩ ᠴᠢᠬᠤᠯᠠᠴᠢᠯᠠᠵᠤ᠂ ᠥᠭᠡᠷᠡᠴᠢᠯᠡᠯᠲᠡ ᠶᠢᠨ ᠦᠷ᠎ᠡ ᠪᠦᠲᠦᠮᠵᠢ ᠶᠢ ᠲᠠᠰᠤᠷᠠᠯᠲᠠ ᠥᠬᠡᠶ ᠪᠠᠬᠢᠵᠢᠭᠦᠯᠦᠨ | ᠥᠷᠭᠡᠳᠬᠡᠵᠦ᠂ ᠣᠯᠠᠨ ᠲᠦᠮᠡᠨ ᠤ ᠡᠪᠡᠳᠴᠢᠨ ᠦᠵᠡᠭᠦᠯᠬᠦ ᠳᠤ ︽ᠪᠠᠴᠢᠮᠳᠠᠵᠤ ᠲᠦᠪᠡᠭᠳᠡᠵᠦ ᠵᠣᠪᠠᠨᠢᠵᠤ ᠬᠦᠰᠡᠵᠦ︾ | ᠪᠠᠶᠢᠭ᠎ᠠ ᠠᠰᠠᠭᠤᠳᠠᠯ ᠢ ᠬᠦᠴᠦᠯᠡᠨ ᠰᠢᠢᠳᠪᠦᠷᠢᠯᠡᠬᠦ ᠬᠡᠷᠡᠭᠲᠡᠢ ᠭᠡᠵᠡᠢ᠃ | ᠰᠦᠨ ᠴᠦᠨ ᠯᠠᠨ ᠵᠢᠭᠠᠬᠤ ᠳᠤ ᠪᠠᠨ᠂ ᠰᠠᠨ ᠮᠢᠩ ᠬᠤᠲᠠ ᠶᠢᠨ ᠡᠮᠴᠢᠯᠡᠭᠡᠨ ᠤ ᠪᠠᠶᠢᠭᠤᠯᠤᠯ ᠤᠨ | ᠥᠭᠡᠷᠡᠴᠢᠯᠡᠯᠲᠡ ᠶᠢᠨ ᠲᠤᠷᠰᠢᠯᠭ᠎ᠠ ᠶᠢ ᠪᠦᠬᠦ ᠲᠠᠯ᠎ᠠ ᠪᠠᠷ ᠳᠡᠯᠭᠡᠷᠡᠭᠦᠯᠵᠦ᠂ ᠭᠠᠵᠠᠷ ᠣᠷᠣᠨ ᠤ ᠪᠠᠶᠢᠳᠠᠯ ᠳᠤ ᠪᠠᠨ | ᠲᠤᠬᠢᠷᠠᠭᠤᠯᠬᠤ᠂ ᠰᠢᠰᠲ᠋ᠧᠮ ᠲᠠᠢ ᠬᠤᠯᠪᠣᠭᠠᠯᠠᠨ ᠬᠥᠳᠡᠯᠦᠯᠴᠡᠬᠦ ᠶᠢ ᠪᠠᠷᠢᠮᠲᠠᠯᠠᠵᠤ᠂ ᠬᠠᠷᠠᠬᠠᠨ ᠰᠦᠪᠡᠭᠴᠢᠯᠡᠬᠦ | ᠴᠢᠬᠤᠯᠠᠲᠠᠢ ᠥᠭᠡᠷᠡᠴᠢᠯᠡᠯᠲᠡ ᠳᠤ ᠤᠷᠢᠳ ᠢᠶᠠᠷ ᠲᠤᠷᠰᠢᠯᠲᠠ ᠶᠢᠨ ᠴᠡᠭ ᠢ ᠬᠡᠷᠡᠭᠵᠢᠭᠦᠯᠵᠦ᠂ ᠲᠤᠷᠰᠢᠯᠭ᠎ᠠ ᠲᠠᠢ | ᠪᠣᠯᠤᠭᠰᠠᠨ ᠤ ᠳᠠᠷᠠᠭ᠎ᠠ ᠳᠠᠬᠢᠨ ᠳᠡᠯᠭᠡᠷᠡᠭᠦᠯᠬᠦ ᠬᠡᠷᠡᠭᠲᠡᠢ᠃ ᠱᠠᠲᠤ ᠬᠤᠪᠢᠶᠠᠨ ᠣᠨᠣᠰᠢᠯᠠᠨ ᠡᠮᠨᠡᠬᠦ ᠲᠣᠭᠲᠠᠯᠴᠠᠭ᠎ᠠ ᠶᠢ | ᠲᠦᠷᠭᠡᠳᠬᠡᠨ ᠪᠠᠶᠢᠭᠤᠯᠵᠤ᠂ ᠣᠷᠣᠨ ᠪᠦᠰᠡ ᠶᠢᠨ ᠡᠮᠴᠢᠯᠡᠭᠡᠨ ᠤ ᠲᠥᠪ᠂ ᠡᠮᠴᠢᠯᠡᠭᠡᠨ ᠤ ᠬᠤᠯᠪᠣᠭᠠᠲᠤ | ᠴᠣᠭᠴᠠ ᠶᠢᠨ ᠪᠥᠲᠥᠭᠡᠨ ᠪᠠᠶᠢᠭᠤᠯᠤᠯᠲᠠ ᠪᠠᠷ ᠭᠤᠤᠯᠳᠠᠯᠭ᠎ᠠ ᠪᠣᠯᠭᠠᠨ᠂ ᠲᠥᠷᠥ ᠶᠢᠨ ᠪᠣᠳᠣᠯᠭ᠎ᠠ ᠪᠠᠷ ᠬᠦᠲᠦᠯᠦᠨ | ᠵᠢᠯᠣᠭᠤᠳᠬᠤ ᠪᠠ ᠲᠣᠭᠲᠠᠴᠠ ᠳᠤ ᠰᠢᠨ᠎ᠡ ᠶᠢ ᠡᠭᠦᠳᠬᠦ ᠪᠠᠷ ᠳᠠᠮᠵᠢᠭᠤᠯᠤᠨ᠂ ᠡᠪᠡᠳᠴᠢᠨ ᠦᠵᠡᠭᠦᠯᠬᠦ ᠡᠮᠬᠢ | ᠳᠢᠭᠯᠢᠮ ᠢ ᠨᠠᠩ ᠵᠦᠶ ᠵᠣᠬᠢᠰᠲᠠᠶ ᠪᠣᠯᠭᠠᠬᠤ ᠶᠢ ᠠᠬᠢᠭᠤᠯᠬᠤ ᠬᠡᠷᠡᠭᠲᠡᠢ᠃ ᠦᠨᠳᠦᠰᠦᠨ ᠡᠮᠴᠢᠯᠡᠭᠡᠨ ᠤ | ᠳᠠᠭᠠᠳᠬᠠᠯ ᠤᠨ ᠨᠢᠭᠡᠳᠦᠯᠲᠡᠶ ᠲᠥᠯᠥᠪᠯᠡᠬᠦ ᠲᠠᠰ ᠳᠠᠪᠬᠤᠷᠭ᠎ᠠ ᠶᠢ ᠪᠠᠬᠢᠵᠢᠭᠦᠯᠦᠨ ᠳᠡᠭᠡᠭᠰᠢᠯᠡᠭᠦᠯᠵᠦ᠂ ᠲᠤᠰᠬᠠᠢ | ᠣᠷᠣᠨ ᠬᠤᠲᠠ ᠶᠢᠨ ᠳᠡᠰ ᠲᠤ ᠨᠢᠭᠡᠳᠦᠯᠲᠡᠶ ᠲᠥᠯᠥᠪᠯᠡᠬᠦ ᠠᠵᠢᠯ ᠢ ᠰᠠᠶᠢᠲᠤᠷ ᠬᠢᠵᠦ᠂ ᠮᠤᠵᠢ ᠶᠢᠨ ᠳᠡᠰ ᠲᠤ | ᠨᠢᠭᠡᠳᠦᠯᠲᠡᠶ ᠲᠥᠯᠥᠪᠯᠡᠬᠦ ᠶᠢ ᠢᠳᠡᠪᠬᠢᠲᠡᠶ ᠰᠦᠪᠡᠭᠴᠢᠯᠡᠨ ᠠᠬᠢᠭᠤᠯᠬᠤ ᠶᠢᠨ ᠬᠠᠮᠲᠤ ᠡᠮᠴᠢᠯᠡᠭᠡᠨ ᠤ ᠳᠠᠭᠠᠳᠬᠠᠯ ᠤᠨ | ᠲᠣᠭᠠᠴᠠᠭ᠎ᠠ ᠬᠢᠬᠦ ᠠᠷᠭ᠎ᠠ ᠮᠠᠶ᠋ᠢᠭ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠬᠠᠮᠢᠶᠠᠷᠤᠯᠲᠠ ᠶᠢᠨ ᠬᠢᠷᠢ | ᠲᠦᠪᠰᠢᠨ ᠪᠠ ᠲᠦᠭᠰᠢᠭᠦᠷᠢ ᠶᠢ ᠰᠡᠷᠭᠡᠶᠢᠯᠡᠬᠦ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠢ᠃ ᠡᠮ ᠤᠨ ᠵᠦᠢᠯ ᠤᠨ | ᠬᠤᠷᠣᠭᠳᠠᠯ ᠮᠠᠲ᠋ᠧᠷᠢᠶᠠᠯ ᠢ ᠲᠦᠪᠯᠡᠷᠡᠭᠦᠯᠵᠦ ᠬᠤᠳᠠᠯᠳᠤᠨ ᠠᠪᠬᠤ ᠲᠥᠷᠥᠯ ᠵᠦᠢᠯ ᠤᠨ ᠬᠡᠪᠴᠢᠶ᠎ᠡ ᠶᠢ ᠥᠷᠭᠡᠳᠬᠡᠵᠦ᠂ | ᠡᠮᠴᠢᠯᠡᠭᠡᠨ ᠤ ᠦᠢᠯᠡᠴᠢᠯᠡᠭᠡᠨ ᠤ ᠦᠨ᠎ᠡ ᠬᠠᠩᠰᠢ ᠶᠢᠨ ᠬᠥᠳᠡᠯᠦᠩᠭᠦᠶ ᠲᠣᠬᠢᠷᠠᠭᠤᠯᠤᠯᠲᠠ ᠶᠢ ᠵᠡᠷᠭᠡ ᠳᠤ ᠨᠢ | ᠠᠬᠢᠭᠤᠯᠬᠤ ᠬᠡᠷᠡᠭᠲᠡᠢ᠃ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠠᠵᠢᠯ ᠤᠨ ᠠᠮᠵᠢᠯᠲᠠ | ᠪᠦᠲᠦᠮᠵᠢ ᠶᠢ ᠰᠢᠯᠭᠠᠨ ᠬᠢᠨᠠᠬᠤ ᠪᠠ ᠴᠠᠯᠢᠩ ᠬᠥᠯᠥᠰᠥ ᠶᠢᠨ ᠲᠦᠷᠢᠮ ᠤᠨ ᠥᠭᠡᠷᠡᠴᠢᠯᠡᠯᠲᠡ ᠶᠢ ᠠᠬᠢᠭᠤᠯᠵᠤ᠂ | ᠡᠮᠴᠢᠯᠡᠭᠡᠨ ᠤ ᠲᠤᠰᠬᠠᠶ ᠰᠠᠯᠠᠭ᠎ᠠ ᠶᠢᠨ ᠪᠠᠶᠢᠭᠤᠯᠤᠯᠲᠠ ᠪᠠ ᠮᠡᠳᠡᠭᠡ ᠵᠠᠩᠭᠢᠵᠢᠯᠲᠠ ᠶᠢᠨ ᠲᠤᠯᠭᠠᠭᠤᠷᠢᠯᠠᠯ ᠢ | ᠴᠢᠩᠭᠠᠳᠬᠠᠨ᠂ ᠬᠠᠮᠢᠶᠠᠷᠤᠯᠲᠠ ᠪᠠ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ᠃ ᠡᠪᠡᠳᠴᠢᠨ | ᠡᠮᠭᠡᠭ ᠢ ᠰᠡᠷᠭᠡᠶᠢᠯᠡᠨ ᠬᠢᠵᠠᠭᠠᠷᠯᠠᠬᠤ ᠲᠣᠭᠲᠠᠯᠴᠠᠭ᠎ᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠡᠮᠨᠡᠬᠦ ᠪᠠ | ᠰᠡᠷᠭᠡᠶᠢᠯᠡᠬᠦ ᠶᠢ ᠵᠣᠬᠢᠴᠠᠭᠤᠯᠬᠤ ᠲᠣᠭᠲᠠᠴᠠ ᠳᠤ ᠰᠢᠨ᠎ᠡ ᠶᠢ ᠡᠭᠦᠳᠴᠦ᠂ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ᠂ ᠸᠠᠺᠼᠢᠨ ᠤ ᠲᠠᠷᠢᠯᠭ᠎ᠠ ᠬᠢᠬᠦ ᠠᠵᠢᠯ ᠢ ᠰᠠᠶᠢᠲᠤᠷ ᠬᠢᠵᠦ᠂ ᠠᠷᠠᠳ ᠲᠦᠮᠡᠨ ᠤ ᠠᠮᠢ ᠨᠠᠰᠤᠨ ᠤ ᠠᠮᠤᠷ | ᠲᠦᠪᠰᠢᠨ ᠪᠠ ᠪᠡᠶ᠎ᠡ ᠮᠠᠬᠠᠪᠣᠳ ᠤᠨ ᠡᠷᠡᠭᠦᠯ ᠮᠡᠨᠳᠤ ᠶᠢ ᠬᠠᠮᠠᠭᠠᠯᠠᠬᠤ ᠬᠡᠷᠡᠭᠲᠡᠢ ᠭᠡᠵᠡᠢ᠃ | | | | | | |