| ᠰᠢᠨᠬᠤᠸᠠ ᠬᠤᠷᠢᠶᠠᠨ ᠤ ᠪᠡᠭᠡᠵᠢᠩ ᠤᠨ 7 ᠰᠠᠷ᠎ᠠ ᠶᠢᠨ 23 ᠤ ᠴᠠᠬᠢᠯᠭᠠᠨ ᠮᠡᠳᠡᠭᠡ ᠨᠠᠮ ᠤᠨ ᠲᠥᠪ | ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ | ᠲᠡᠷᠢᠭᠦᠯᠡᠭᠴᠢ ᠰᠢ ᠶᠢᠨ ᠫᠢᠩ ᠤᠢᠢᠷ᠎ᠠ ᠶᠢᠨ ᠡᠳᠦᠷ ᠬᠥᠳᠡᠭᠡ ᠲᠣᠰᠬᠤᠨ ᠤ ᠵᠣᠷᠯᠣᠩ ᠤᠨ ᠬᠤᠪᠢᠰᠬᠠᠯ ᠢ ᠭᠦᠨᠵᠡᠭᠡᠢ | ᠠᠬᠢᠭᠤᠯᠬᠤ ᠲᠤᠬᠠᠢ ᠴᠢᠬᠤᠯᠠ ᠵᠢᠭᠠᠪᠤᠷᠢ ᠥᠭᠴᠦ᠂ ᠤᠢᠢᠷ᠎ᠠ ᠶᠢᠨ ᠵᠢᠯ ᠠᠴᠠ᠂ ᠬᠥᠳᠡᠭᠡ ᠲᠣᠰᠬᠤᠨ ᠤ | ᠵᠣᠷᠯᠣᠩ ᠤᠨ ᠬᠤᠪᠢᠰᠬᠠᠯ ᠢ ᠭᠦᠨᠵᠡᠭᠡᠢ ᠠᠬᠢᠭᠤᠯᠵᠤ᠂ ᠠᠷᠢᠭᠤᠨ ᠴᠡᠪᠡᠷ ᠵᠣᠷᠯᠣᠩ ᠢ ᠲᠠᠰᠤᠷᠠᠯᠳᠠ ᠦᠭᠡᠢ | ᠳᠡᠯᠭᠡᠷᠡᠭᠦᠯᠦᠨ ᠲᠦᠭᠡᠮᠡᠯᠵᠢᠭᠦᠯᠵᠦ᠂ ᠬᠥᠳᠡᠭᠡ ᠲᠣᠰᠬᠤᠨ ᠤ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ | ᠢᠯᠡᠳᠲᠡ ᠰᠠᠶᠢᠵᠢᠷᠠᠭᠤᠯᠪᠠ᠃ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ | ᠬᠤᠭᠤᠴᠠᠭᠠᠨ ᠳᠤ ᠬᠥᠳᠡᠭᠡ ᠲᠣᠰᠬᠤᠨ ᠤ ᠵᠣᠷᠯᠣᠩ ᠤᠨ ᠬᠤᠪᠢᠰᠬᠠᠯ ᠢ ᠦᠷᠭᠦᠯᠵᠢᠯᠡᠨ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠶᠢᠨ ᠨᠢᠭᠡ ᠵᠦᠢᠯ ᠤᠨ ᠴᠢᠬᠤᠯᠠ ᠠᠵᠢᠯ ᠪᠣᠯᠭᠠᠵᠤ᠂ ᠲᠠᠷᠢᠶᠠᠴᠢᠳ ᠤᠨ ᠭᠤᠤᠯ | ᠴᠣᠭᠴᠠ ᠶᠢᠨ ᠦᠢᠯᠡᠳᠦᠯ ᠢ ᠪᠠᠳᠠᠷᠠᠭᠤᠯᠤᠨ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠬᠤ᠂ ᠰᠢᠨᠵᠢᠯᠡᠬᠦ | ᠤᠬᠠᠭᠠᠨᠴᠢ ᠪᠠᠷ ᠬᠥᠲᠥᠯᠥᠨ ᠵᠢᠯᠣᠭᠤᠳᠬᠤ ᠶᠢ ᠴᠢᠬᠤᠯᠠᠴᠢᠯᠠᠵᠤ᠂ ᠲᠤᠭ᠎ᠠ ᠬᠡᠮᠵᠢᠶ᠎ᠡ ᠨᠢ ᠶᠠᠰᠤ ᠴᠢᠨᠠᠷ ᠢ ᠳᠠᠭᠠᠬᠤ᠂ | ᠠᠬᠢᠴᠠ ᠨᠢ ᠪᠣᠳᠠᠲᠤ ᠦᠷ᠎ᠡ ᠪᠦᠲᠦᠮᠵᠢ ᠶᠢ ᠳᠠᠭᠠᠬᠤ᠂ ᠰᠠᠶᠢᠨ ᠢ ᠬᠥᠭᠡᠭᠡᠴᠡᠯᠳᠦᠪᠡᠴᠦ ᠲᠦᠷᠭᠡᠨ ᠢ ᠬᠥᠭᠡᠭᠡᠴᠡᠯᠳᠦᠬᠦ | ᠥᠬᠡᠶ ᠪᠠᠶᠢᠬᠤ ᠶᠢ ᠪᠠᠷᠢᠮᠲᠠᠯᠠᠨ᠂ ᠠᠷᠠᠳ ᠢ ᠵᠦᠳᠡᠭᠡᠵᠦ ᠡᠳ᠋ ᠢ ᠰᠦᠢᠳᠭᠡᠬᠦ᠂ ᠬᠡᠯᠪᠡᠷᠢ ᠶᠢ ᠬᠦᠭᠡᠭᠡᠴᠡᠯᠳᠤᠵᠦ ᠮᠠᠶ᠋ᠢᠭ | ᠭᠠᠷᠭᠠᠬᠤ ᠶᠢ ᠡᠷᠡᠰ ᠡᠰᠡᠷᠭᠦᠴᠡᠵᠦ᠂ ᠯᠠᠪᠳᠠᠭᠤᠨ ᠪᠠᠲᠤᠲᠠᠶ ᠪᠠᠷ ᠤᠷᠤᠭᠰᠢ ᠠᠬᠢᠭᠤᠯᠬᠤ ᠬᠡᠷᠡᠭᠲᠡᠶ᠃ ᠡᠯ᠎ᠡ | ᠱᠠᠲᠤᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤᠰ | ᠲᠤᠰ ᠤᠨ ᠬᠠᠷᠢᠭᠤᠴᠠᠯᠭ᠎ᠠ ᠪᠠᠨ ᠡᠭᠦᠷᠭᠡᠯᠡᠵᠦ᠂ ᠵᠡᠷᠭᠡ ᠪᠠᠷ ᠠᠳᠬᠤᠨ ᠬᠠᠮᠲᠤ ᠪᠠᠷ ᠬᠠᠮᠢᠶᠠᠷᠴᠤ᠂ ᠵᠢᠯ ᠳᠠᠷᠠᠭᠠᠯᠠᠨ | ᠬᠢᠵᠦ᠂ ᠡᠨᠡ ᠬᠦ ᠰᠠᠶᠢᠨ ᠶᠠᠪᠤᠳᠠᠯ ᠢ ᠦᠨᠡᠨ ᠬᠦ ᠰᠠᠶᠢᠲᠤᠷ ᠬᠢᠵᠦ᠂ ᠪᠣᠳᠠᠲᠤ ᠶᠠᠪᠤᠳᠠᠯ ᠢ ᠪᠣᠳᠠᠲᠠᠢ ᠬᠢᠬᠦ ᠬᠡᠷᠡᠭᠲᠡᠢ | ᠬᠡᠵᠤ ᠴᠢᠬᠤᠯᠠᠴᠢᠯᠠᠪᠠ᠃ | ᠪᠥᠬᠦ ᠤᠯᠤᠰ ᠤᠨ ᠬᠥᠳᠡᠭᠡ ᠲᠣᠰᠬᠤᠨ ᠤ ᠵᠣᠷᠯᠣᠩ ᠤᠨ ᠬᠤᠪᠢᠰᠬᠠᠯ ᠤᠨ ᠲᠤᠬᠠᠶ ᠶᠢᠨ ᠭᠠᠵᠠᠷ ᠤᠨ ᠬᠤᠷᠠᠯ | 23 ᠤ ᠡᠳᠦᠷ ᠬᠤᠨᠠᠨ ᠮᠤᠵᠢ ᠶᠢᠨ ᠾᠧᠩᠶᠠᠩ ᠳᠤ ᠬᠤᠷᠠᠯᠳᠤᠪᠠ᠃ ᠬᠤᠷᠠᠯ ᠠᠴᠠ ᠰᠢ ᠶᠢᠨ ᠫᠢᠩ ᠤᠨ ᠴᠢᠬᠤᠯᠠ | ᠵᠢᠭᠠᠪᠤᠷᠢ ᠶᠢ ᠤᠯᠠᠮᠵᠢᠯᠠᠨ ᠰᠤᠷᠤᠯᠴᠠᠪᠠ᠃ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ | ᠭᠡᠰᠢᠭᠦᠨ᠂ ᠲᠦᠷᠦ ᠶᠢᠨ ᠶᠠᠪᠤᠳᠠᠯ ᠤᠨ ᠬᠤᠷᠢᠶᠠᠨ ᠤ ᠳᠡᠳ᠋ ᠶᠡᠷᠦᠩᠬᠡᠢ ᠰᠠᠶᠢᠳ ᠬᠤ᠋ ᠴᠦᠨ ᠬᠤᠸᠠ ᠬᠤᠷᠠᠯ ᠳᠤ | ᠣᠷᠣᠯᠴᠠᠵᠤ ᠶᠠᠷᠢᠶ᠎ᠠ ᠲᠠᠯᠪᠢᠪᠠ᠃ ᠲᠡᠷᠡ᠂ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ | ᠰᠠᠨᠠᠭ᠎ᠠ ᠶᠢ ᠨᠠᠷᠢᠨ ᠬᠢᠨᠠᠮᠠᠭᠠᠶ ᠰᠤᠷᠤᠯᠴᠠᠨ ᠲᠤᠭᠤᠰᠢᠯᠠᠭᠤᠯᠵᠤ᠂ ᠬᠥᠳᠡᠭᠡ ᠲᠣᠰᠬᠤᠨ ᠤ ᠵᠣᠷᠯᠣᠩ ᠤᠨ ᠬᠤᠪᠢᠰᠬᠠᠯ ᠢ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠴᠢᠬᠤᠯᠠ ᠠᠵᠢᠯ ᠪᠣᠯᠭᠠᠨ ᠦᠨᠡᠨ ᠬᠦ ᠰᠠᠶᠢᠲᠤᠷ ᠠᠳᠬᠤᠬᠤ | ᠬᠡᠷᠡᠭᠲᠡᠶ᠃ ᠰᠠᠶᠢᠨ ᠢ ᠬᠥᠭᠡᠭᠡᠴᠡᠯᠳᠦᠪᠡᠴᠦ ᠲᠦᠷᠭᠡᠨ ᠢ ᠬᠥᠭᠡᠭᠡᠴᠡᠯᠳᠦᠬᠦ ᠦᠭᠡᠢ ᠪᠠᠶᠢᠬᠤ ᠶᠢ ᠪᠠᠷᠢᠮᠲᠠᠯᠠᠵᠤ᠂ | ᠯᠠᠪᠳᠠᠭᠤᠨ ᠪᠠᠲᠤᠲᠠᠢ ᠲᠣᠭᠲᠠᠭᠤᠨ ᠢᠶᠠᠷ ᠠᠬᠢᠭᠤᠯᠵᠤ᠂ ᠶᠠᠰᠤ ᠴᠢᠨᠠᠷ ᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ | ᠨᠢᠭᠡ ᠶᠢ ᠥᠭᠡᠷᠡᠴᠢᠯᠡᠪᠡᠯ ᠨᠢᠭᠡ ᠶᠢ ᠪᠦᠲᠦᠭᠡᠬᠦ ᠶᠢ ᠪᠠᠲᠤᠯᠠᠬᠤ ᠬᠡᠷᠡᠭᠲᠡᠢ᠃ ᠵᠣᠷᠯᠣᠩ ᠢ ᠥᠭᠡᠷᠡᠴᠢᠯᠡᠬᠦ ᠶᠢ ᠤᠰᠤ | ᠬᠠᠩᠭᠠᠬᠤ ᠶᠢ ᠪᠠᠳᠤᠯᠠᠬᠤ ᠪᠠ ᠪᠣᠬᠢᠷ ᠤᠰᠤ ᠶᠢ ᠰᠢᠢᠳᠪᠦᠷᠢᠯᠡᠬᠦ ᠯᠦᠭᠡ ᠵᠡᠷᠭᠡ ᠪᠠᠷ ᠠᠬᠢᠭᠤᠯᠬᠤ ᠶᠢ ᠪᠠᠷᠢᠮᠲᠠᠯᠠᠵᠤ᠂ | ᠡᠷᠡᠭᠦᠯ ᠬᠠᠮᠠᠭᠠᠯᠠᠯ ᠤᠨ ᠪᠠᠷᠢᠮᠵᠢᠶ᠎ᠠ ᠳᠤ ᠬᠦᠷᠦᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠶ᠃ ᠭᠠᠵᠠᠷ ᠣᠷᠣᠨ ᠤ | ᠪᠠᠶᠢᠳᠠᠯ ᠳᠠᠭᠠᠨ ᠲᠤᠬᠢᠷᠠᠭᠤᠯᠤᠨ ᠲᠣᠬᠢᠷᠠᠮᠵᠢᠲᠠᠢ ᠠᠷᠭ᠎ᠠ ᠮᠠᠶ᠋ᠢᠭ ᠪᠠ ᠮᠡᠷᠭᠡᠵᠢᠯ ᠢ ᠬᠠᠶᠢᠨ ᠰᠦᠪᠡᠭᠴᠢᠯᠡᠵᠦ᠂ | ᠲᠤᠷᠰᠢᠯᠲᠠ ᠬᠢᠭᠡᠳ ᠪᠣᠯᠪᠠᠰᠤᠷᠠᠩᠭᠤᠢ ᠪᠣᠯᠤᠭᠰᠠᠨ ᠤ ᠲᠠᠷᠠᠭ᠎ᠠ ᠳᠡᠯᠭᠡᠷᠡᠭᠦᠯᠬᠦ ᠬᠡᠷᠡᠭᠲᠡᠢ᠃ ᠲᠠᠷᠢᠶᠠᠴᠢᠳ ᠤᠨ ᠭᠤᠤᠯ | ᠴᠣᠭᠴᠠ ᠶᠢᠨ ᠦᠢᠯᠡᠳᠦᠯ ᠢ ᠭᠦᠢᠴᠡᠳ ᠪᠠᠳᠠᠷᠠᠭᠤᠯᠬᠤ ᠬᠡᠷᠡᠭᠲᠡᠶ᠃ ᠵᠣᠬᠢᠶᠠᠨ ᠪᠠᠶᠢᠭᠤᠯᠵᠤ ᠤᠳᠤᠷᠢᠳᠬᠤ ᠪᠠᠨ ᠪᠦᠬᠦ | ᠲᠠᠯ᠎ᠠ ᠪᠠᠷ ᠴᠢᠩᠭᠠᠳᠬᠠᠵᠤ᠂ ᠠᠵᠢᠯ ᠤᠨ ᠰᠤᠷᠲᠠᠯ ᠢᠶᠠᠨ ᠬᠤᠪᠢᠷᠠᠭᠤᠯᠵᠤ᠂ ᠠᠰᠠᠭᠤᠳᠠᠯ ᠢ ᠪᠠᠶᠢᠴᠠᠭᠠᠨ ᠣᠶᠢᠯᠠᠭᠠᠵᠤ | ᠴᠡᠭᠴᠡᠯᠡᠨ ᠰᠠᠶᠢᠵᠢᠷᠠᠭᠤᠯᠬᠤ ᠶᠢ ᠰᠠᠶᠢᠲᠤᠷ ᠠᠳᠬᠤᠵᠤ᠂ ᠲᠠᠷᠢᠶᠠᠴᠢᠨ ᠲᠦᠮᠡᠨ ᠤ ᠠᠰᠢᠭ ᠬᠦᠷᠳᠡᠬᠦ ᠶᠢ ᠪᠠᠲᠤᠯᠠᠬᠤ | ᠬᠡᠷᠡᠭᠲᠡᠢ ᠭᠡᠵᠦ ᠴᠢᠬᠤᠯᠠᠴᠢᠯᠠᠪᠠ᠃ | ᠬᠤᠨᠠᠨ᠂ ᠾᠧᠪᠸᠢ᠂ ᠯᠢᠶᠣᠤᠨᠢᠩ᠂ ᠬᠠᠶᠢᠨᠠᠨ᠂ ᠶᠦᠨᠨᠠᠨ᠂ ᠭᠠᠨᠰᠦ ᠮᠤᠵᠢ ᠶᠢᠨ ᠬᠠᠷᠢᠭᠤᠴᠠᠯᠭᠠᠲᠠᠨ | ᠨᠥᠬᠦᠳ ᠬᠤᠷᠠᠯ ᠳᠡᠭᠡᠷ᠎ᠡ ᠰᠠᠨᠠᠯ ᠢᠶᠠᠨ ᠰᠣᠯᠢᠯᠴᠠᠬᠤ ᠦᠭᠡ ᠬᠡᠯᠡᠵᠡᠢ᠃ | ᠬᠤᠯᠪᠣᠭᠳᠠᠯ ᠪᠥᠬᠦᠶ ᠮᠤᠵᠢ ᠣᠷᠣᠨ ᠪᠣᠯᠤᠨ ᠰᠠᠯᠠᠭ᠎ᠠ ᠮᠥᠴᠢᠷ᠂ ᠡᠯ᠎ᠡ ᠮᠤᠵᠢ ᠣᠷᠣᠨ ᠬᠤᠲᠠ ᠪᠣᠯᠤᠨ | ᠰᠢᠨᠵᠢᠶᠠᠩ ᠤᠨ ᠦᠢᠯᠡᠳᠪᠦᠷᠢᠯᠡᠯ ᠪᠥᠲᠥᠭᠡᠨ ᠪᠠᠶᠢᠭᠤᠯᠤᠯᠲᠠ ᠶᠢᠨ ᠪᠢᠩᠲ᠋ᠤᠸᠠᠨ ᠤ ᠬᠥᠳᠡᠭᠡ ᠠᠵᠤ ᠠᠬᠤᠶ ᠬᠥᠳᠡᠭᠡ | ᠲᠣᠰᠬᠤᠨ ᠤ ᠰᠠᠯᠠᠭ᠎ᠠ ᠮᠥᠴᠢᠷ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠠᠯᠠᠭ᠎ᠠ ᠮᠥᠴᠢᠷ ᠪᠣᠯᠤᠨ | ᠬᠥᠳᠡᠭᠡ ᠲᠣᠰᠬᠤᠨ ᠤ ᠵᠣᠷᠯᠣᠩ ᠤᠨ ᠬᠤᠪᠢᠰᠬᠠᠯ ᠤᠨ ᠠᠵᠢᠯ ᠤᠨ ᠲᠦᠷᠦᠭᠦᠯᠡᠨ ᠬᠢᠬᠦ ᠰᠠᠯᠠᠭ᠎ᠠ ᠮᠥᠴᠢᠷ ᠤᠨ | ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠵᠠᠶ᠃ | | | | |