| | ᠰᠢ ᠶᠢᠨ ᠫᠢᠩ ᠴᠠᠬᠢᠯᠭᠠᠨ ᠴᠢᠮᠡᠭᠡ ᠶᠠᠪᠤᠭᠤᠯᠵᠤ ᠷᠤᠸᠠᠨ ᠴᠦᠨ ᠹᠦ᠋ ᠶᠢᠨ ᠸᠢᠶᠧᠲᠨᠠᠮ ᠤᠨ ᠤᠯᠤᠰ ᠤᠨ | ᠲᠡᠷᠢᠭᠦᠯᠡᠭᠴᠢ ᠪᠠᠷ ᠦᠷᠭᠦᠯᠵᠢᠯᠡᠨ ᠰᠣᠩᠭᠤᠭᠳᠠᠭᠰᠠᠨ ᠳᠤ ᠪᠠᠶᠠᠷ ᠬᠦᠷᠭᠡᠪᠡ | ᠯᠢ ᠺᠧ ᠴᠢᠶᠠᠩ ᠴᠠᠬᠢᠯᠭᠠᠨ ᠴᠢᠮᠡᠭᠡ ᠶᠠᠪᠤᠭᠤᠯᠵᠤ ᠹᠠᠨ ᠮᠢᠩ ᠵᠧᠩ ᠤᠨ ᠸᠢᠶᠧᠲᠨᠠᠮ ᠤᠨ ᠵᠠᠰᠠᠭ ᠤᠨ | ᠣᠷᠳᠣᠨ ᠤ ᠶᠡᠷᠦᠩᠬᠡᠢ ᠰᠠᠶᠢᠳ ᠢᠶᠠᠷ ᠦᠷᠭᠦᠯᠵᠢᠯᠡᠨ ᠰᠣᠩᠭᠤᠭᠳᠠᠭᠰᠠᠨ ᠳᠤ ᠪᠠᠶᠠᠷ ᠬᠦᠷᠭᠡᠪᠡ | ᠰᠢᠨᠬᠤᠸᠠ ᠬᠤᠷᠢᠶᠠᠨ ᠤ ᠪᠡᠭᠡᠵᠢᠩ ᠤᠨ 7 ᠰᠠᠷ᠎ᠠ ᠶᠢᠨ 26 ᠤ ᠴᠠᠬᠢᠯᠭᠠᠨ ᠮᠡᠳᠡᠭᠡ 7 ᠰᠠᠷ᠎ᠠ ᠶᠢᠨ 26 ᠤ | ᠡᠳᠦᠷ᠂ ᠤᠯᠤᠰ ᠤᠨ ᠲᠡᠷᠢᠭᠦᠯᠡᠭᠴᠢ ᠰᠢ ᠶᠢᠨ ᠫᠢᠩ ᠷᠤᠸᠠᠨ ᠴᠦᠨ ᠹᠦ᠋ ᠳᠤ ᠴᠠᠬᠢᠯᠭᠠᠨ ᠴᠢᠮᠡᠭᠡ ᠶᠠᠪᠤᠭᠤᠯᠵᠤ᠂ | ᠲᠡᠭᠦᠨ ᠤ ᠸᠢᠶᠧᠲᠨᠠᠮ ᠤᠨ ᠤᠯᠤᠰ ᠤᠨ ᠲᠡᠷᠢᠭᠦᠯᠡᠭᠴᠢ ᠪᠠᠷ ᠦᠷᠭᠦᠯᠵᠢᠯᠡᠨ ᠰᠣᠩᠭᠤᠭᠳᠠᠭᠰᠠᠨ ᠳᠤ ᠪᠠᠶᠠᠷ ᠬᠦᠷᠭᠡᠪᠡ᠃ | | ᠰᠢ ᠶᠢᠨ ᠫᠢᠩ ᠪᠠᠶᠠᠷ ᠤᠨ ᠴᠠᠬᠢᠯᠭᠠᠨ ᠴᠢᠮᠡᠭᠡ ᠳᠡᠭᠡᠨ᠂ ᠳᠤᠮᠳᠠᠳᠤ ᠸᠢᠶᠧᠲᠨᠠᠮ ᠪᠣᠯ ᠠᠭᠤᠯᠠ | ᠤᠰᠤ ᠪᠠᠷ ᠢᠶᠠᠨ ᠵᠠᠯᠭᠠᠯᠳᠤᠭᠰᠠᠨ ᠨᠡᠶᠢᠭᠡᠮ ᠵᠢᠷᠤᠮᠳᠤ ᠬᠥᠷᠰᠢ ᠤᠯᠤᠰ ᠮᠥᠨ᠂ ᠤᠯᠠᠮᠵᠢᠯᠠᠯᠲᠤ ᠨᠥᠬᠦᠷᠯᠡᠯ ᠭᠦᠨ | ᠵᠤᠵᠠᠭᠠᠨ᠂ ᠬᠠᠮᠲᠤ ᠶᠢᠨ ᠠᠰᠢᠭ ᠲᠤᠰᠠ ᠥᠷᠭᠡᠨ ᠳᠡᠯᠭᠡᠷ ᠶᠤᠮ᠃ ᠵᠠᠭᠤᠨ ᠵᠢᠯ ᠤᠨ ᠬᠤᠪᠢᠰᠤᠯᠲᠠ ᠪᠣᠯᠤᠨ ᠡᠷᠢᠨ | ᠵᠠᠭᠤᠨ ᠤ ᠭᠠᠮᠰᠢᠭ ᠬᠢᠵᠢᠭ ᠤᠨ ᠡᠮᠦᠨ᠎ᠡ᠂ ᠬᠤᠶᠠᠷ ᠲᠠᠯ᠎ᠠ ᠪᠠᠷ ᠢᠶᠠᠨ ᠬᠠᠮᠲᠤ ᠶᠢᠨ ᠬᠦᠰᠡᠯᠡᠩ ᠢᠲᠡᠭᠡᠯ | ᠪᠢᠰᠢᠷᠡᠯ ᠢᠶᠠᠨ ᠪᠠᠲᠤ ᠰᠠᠬᠢᠵᠤ᠂ ᠪᠦᠯᠬᠦᠮᠳᠡᠯ ᠨᠥᠬᠦᠷᠯᠡᠯ ᠤᠨ ᠤᠭ ᠰᠠᠨᠠᠭ᠎ᠠ ᠪᠠᠨ ᠦᠢᠯᠡᠳᠦᠯᠭᠡᠵᠢᠭᠦᠯᠵᠦ᠂ ᠪᠣᠳᠠᠲᠤ | ᠠᠵᠢᠯᠯᠠᠭ᠎ᠠ ᠪᠠᠷ ᠢᠶᠠᠨ ᠬᠤᠶᠠᠷ ᠤᠯᠤᠰ ᠤᠨ ᠪᠦᠬᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭ᠎ᠠ ᠳᠤ | ᠰᠢᠨ᠎ᠡ ᠴᠠᠭ ᠦᠶ᠎ᠡ ᠶᠢᠨ ᠠᠭᠤᠯᠤᠭᠳᠠᠬᠤᠨ ᠣᠯᠭᠤᠵᠠᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠡᠨᠡ ᠵᠢᠯ ᠠᠴᠠ ᠨᠠᠭᠠᠰᠢ᠂ ᠸᠢᠶᠧᠲᠨᠠᠮ ᠤᠨ ᠡᠪ ᠬᠠᠮᠲᠤ ᠨᠠᠮ ᠤᠨ ᠠᠷᠪᠠᠨ ᠭᠤᠷᠪᠠᠳᠤᠭᠠᠷ | ᠶᠡᠭᠡ ᠬᠤᠷᠠᠯ ᠠᠮᠵᠢᠯᠲᠠ ᠲᠠᠢ ᠬᠤᠷᠠᠯᠳᠤᠵᠤ᠂ ᠳᠤᠮᠳᠠᠳᠤ ᠤᠯᠤᠰ ᠤᠨ ᠡᠪ ᠬᠠᠮᠲᠤ ᠨᠠᠮ ᠵᠠᠭᠤᠨ ᠵᠢᠯ ᠤᠨ ᠤᠢ ᠪᠠᠨ | ᠤᠭᠲᠤᠨ ᠠᠪᠤᠯ᠎ᠠ᠃ ᠳᠤᠮᠳᠠᠳᠤ ᠸᠢᠶᠧᠲᠨᠠᠮ ᠤᠨ ᠬᠤᠶᠠᠷ ᠨᠠᠮ ᠪᠠ ᠤᠯᠤᠰ ᠤᠨ ᠪᠥᠲᠥᠭᠡᠨ ᠪᠠᠶᠢᠭᠤᠯᠤᠯᠲᠠ ᠶᠢᠨ | ᠦᠢᠯᠡᠰ ᠤᠷᠢᠳᠤᠬᠢ ᠶᠢ ᠵᠠᠯᠭᠠᠮᠵᠢᠯᠠᠨ ᠬᠤᠶᠢᠰᠢᠬᠢ ᠳᠤ ᠵᠠᠮ ᠨᠡᠭᠡᠭᠡᠬᠦ ᠵᠠᠩᠭᠢᠯᠠᠭ᠎ᠠ ᠶᠢᠨ ᠱᠠᠲᠤᠨ ᠳᠤ ᠣᠷᠣᠪᠠ᠃ ᠪᠢ | ᠳᠤᠮᠳᠠᠳᠤ ᠸᠢᠶᠧᠲᠨᠠᠮ ᠤᠨ ᠬᠠᠷᠢᠯᠴᠠᠭ᠎ᠠ ᠶᠢᠨ ᠬᠥᠭᠵᠢᠯᠲᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠳᠤᠷᠠᠲᠠᠶ᠎ᠠ | ᠸᠢᠶᠧᠲᠨᠠᠮ ᠤᠨ ᠤᠳᠤᠷᠢᠳᠬᠤ ᠨᠥᠬᠦᠳ ᠲᠠᠢ ᠬᠠᠮᠲᠤ ᠪᠠᠷ ᠴᠢᠷᠮᠠᠶᠢᠵᠤ ᠪᠠᠶᠢᠭᠠᠳ ᠰᠢᠨ᠎ᠡ ᠴᠠᠭ ᠦᠶ᠎ᠡ ᠶᠢᠨ ᠬᠤᠶᠠᠷ | ᠨᠠᠮ ᠬᠤᠶᠠᠷ ᠤᠯᠤᠰ ᠤᠨ ᠬᠠᠷᠢᠯᠴᠠᠭ᠎ᠠ ᠶᠢᠨ ᠪᠠᠶᠢᠯᠳᠤᠬᠤ ᠪᠣᠳᠣᠯᠭ᠎ᠠ ᠶᠢᠨ ᠵᠢᠯᠣᠭᠤᠳᠤᠯᠭ᠎ᠠ ᠶᠢ ᠴᠢᠩᠭᠠᠳᠬᠠᠵᠤ᠂ | ᠳᠤᠮᠳᠠᠳᠤ ᠸᠢᠶᠧᠲᠨᠠᠮ ᠤᠨ ᠪᠠᠶᠢᠯᠳᠤᠬᠤ ᠪᠣᠳᠣᠯᠭ᠎ᠠ ᠶᠢᠨ ᠠᠴᠢ ᠬᠤᠯᠪᠣᠭᠳᠠᠯ ᠲᠠᠢ ᠬᠤᠪᠢ ᠵᠠᠶᠠᠭᠠᠨ ᠤ ᠬᠠᠮᠲᠤ | ᠴᠣᠭᠴᠠ ᠶᠢ ᠪᠠᠶᠢᠭᠤᠯᠬᠤ ᠬᠠᠷᠠᠯᠲᠠ ᠲᠡᠶᠢᠰᠢ ᠲᠠᠰᠤᠷᠠᠯᠳᠠ ᠦᠭᠡᠢ ᠤᠷᠤᠭᠰᠢᠯᠠᠨ᠎ᠠ ᠭᠡᠵᠦ ᠴᠢᠬᠤᠯᠠᠴᠢᠯᠠᠪᠠ᠃ | ᠲᠤᠰ ᠡᠳᠦᠷ᠂ ᠲᠦᠷᠦ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠺᠧ ᠴᠢᠶᠠᠩ ᠴᠠᠬᠢᠯᠭᠠᠨ | ᠴᠢᠮᠡᠭᠡ ᠶᠠᠪᠤᠭᠤᠯᠵᠤ ᠹᠠᠨ ᠮᠢᠩ ᠵᠧᠩ ᠤᠨ ᠸᠢᠶᠧᠲᠨᠠᠮ ᠤᠨ ᠵᠠᠰᠠᠭ ᠤᠨ ᠣᠷᠳᠣᠨ ᠤ ᠶᠡᠷᠦᠩᠬᠡᠢ ᠰᠠᠶᠢᠳ ᠢᠶᠠᠷ | ᠦᠷᠭᠦᠯᠵᠢᠯᠡᠨ ᠰᠣᠩᠭᠤᠭᠳᠠᠭᠰᠠᠨ ᠳᠤ ᠪᠠᠶᠠᠷ ᠬᠦᠷᠭᠡᠵᠦ᠂ ᠳᠤᠷᠠᠲᠠᠶ᠎ᠠ ᠶᠡᠷᠦᠩᠬᠡᠢ ᠰᠠᠶᠢᠳ ᠹᠠᠨ ᠮᠢᠩ ᠵᠧᠩ ᠲᠠᠢ | ᠬᠠᠮᠲᠤ ᠪᠠᠷ ᠴᠢᠷᠮᠠᠶᠢᠵᠤ᠂ ᠬᠤᠶᠠᠷ ᠲᠠᠯ᠎ᠠ ᠶᠢᠨ ᠤᠯᠤᠰ ᠲᠦᠷᠦ ᠶᠢᠨ ᠢᠲᠡᠭᠡᠯᠴᠡᠭᠡ ᠪᠠᠨ ᠨᠡᠮᠡᠭᠳᠡᠭᠦᠯᠵᠦ᠂ ᠨᠥᠬᠦᠷᠰᠡᠭ | ᠬᠠᠮᠲᠤᠷᠠᠯᠴᠠᠭᠠᠨ ᠤ ᠰᠠᠭᠤᠷᠢ ᠶᠢ ᠪᠠᠬᠢᠵᠢᠭᠦᠯᠤᠨ᠂ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠵᠤᠯᠭᠠᠯᠴᠠᠭ᠎ᠠ ᠶᠢ | ᠲᠦᠷᠭᠡᠳᠬᠡᠵᠦ᠂ ᠬᠠᠷᠢᠯᠴᠠᠨ ᠠᠰᠢᠭᠲᠠᠢ ᠬᠠᠮᠲᠤ ᠪᠠᠷ ᠠᠰᠢᠭ ᠬᠦᠷᠳᠡᠬᠦ ᠪᠠᠶᠢᠷᠢᠰᠢᠯ ᠢ ᠪᠠᠶᠢᠭᠤᠯᠤᠨ᠂ ᠰᠢᠨ᠎ᠡ ᠴᠠᠭ | ᠦᠶ᠎ᠡ ᠶᠢᠨ ᠳᠤᠮᠳᠠᠳᠤ ᠸᠢᠶᠧᠲᠨᠠᠮ ᠤᠨ ᠬᠠᠷᠢᠯᠴᠠᠭ᠎ᠠ ᠶᠢᠨ ᠲᠠᠰᠤᠷᠠᠯᠳᠡ ᠦᠭᠡᠢ ᠤᠷᠤᠬᠰᠢ ᠬᠥᠭᠵᠢᠬᠦ ᠶᠢ | ᠠᠬᠢᠭᠤᠯᠤᠨ᠎ᠠ ᠭᠡᠵᠦ ᠢᠯᠡᠳᠬᠡᠪᠡ᠃ | |