| | ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠤᠯᠠᠮ ᠨᠢᠭᠡ ᠠᠯᠬᠤᠮ ᠠᠬᠢᠭᠤᠯᠵᠤ᠂ ᠣᠯᠠᠨ ᠲᠦᠮᠡᠨ | ᠳᠤ ᠦᠨᠡᠨ ᠬᠦ ᠪᠣᠳᠠᠲᠤ ᠶᠠᠪᠤᠳᠠᠯ ᠬᠢᠵᠦ᠂ ᠰᠠᠶᠢᠨ ᠶᠠᠪᠤᠳᠠᠯ ᠬᠢᠬᠦ ᠶᠢᠨ ᠲᠥᠯᠥᠭᠡ᠂ ᠠᠯᠳᠠᠨᠰᠢᠷᠡᠭᠡ ᠪᠠᠯᠭᠠᠰᠤ | ᠡᠮᠦᠨᠡᠬᠢ ᠬᠤᠭᠤᠴᠠᠭᠠᠨ ᠤ ᠠᠵᠢᠯ ᠤᠯᠬᠤ ᠳᠤ ᠬᠦᠴᠢᠷᠲᠡᠶ ᠬᠥᠮᠦᠰ ᠢ ᠮᠠᠭᠠᠳᠯᠠᠨ ᠲᠣᠭᠲᠠᠭᠠᠬᠤ ᠪᠠᠷ ᠳᠠᠮᠵᠢᠭᠤᠯᠤᠨ | ᠠᠵᠢᠯ ᠤᠨ ᠪᠠᠶᠢᠷᠢ ᠶᠢ ᠢᠳᠡᠪᠬᠢᠲᠡᠶ ᠨᠡᠭᠡᠭᠡᠵᠦ᠂ ᠠᠵᠢᠯ ᠤᠯᠬᠤ ᠳᠤ ᠬᠦᠴᠢᠷᠲᠡᠶ 19 ᠬᠥᠮᠦᠨ ᠲᠠᠢ ᠠᠵᠢᠯ | ᠣᠯᠭᠤᠬᠤ ᠬᠡᠯᠡᠯᠴᠡᠭᠡᠷ ᠲᠣᠭᠲᠠᠵᠤ ᠲᠡᠳᠡᠨ ᠢ ᠬᠠᠪᠰᠤᠷᠤᠨ ᠳᠠᠬᠢᠨ ᠠᠵᠢᠯ ᠣᠯᠭᠤᠬᠤ ᠶᠢ ᠪᠡᠶᠡᠯᠡᠭᠦᠯᠪᠡ ᠃ | ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠶᠢ ᠬᠠᠤᠯᠢ ᠪᠠᠷ ᠲᠣᠭᠲᠠᠭᠠᠭᠰᠠᠨ | ᠬᠥᠳᠡᠯᠮᠦᠷᠢᠯᠡᠬᠦ ᠨᠠᠰᠤᠨ ᠤ ᠳᠣᠲᠣᠷᠠᠬᠢ ᠬᠥᠳᠡᠯᠮᠦᠷᠢᠯᠡᠬᠦ ᠴᠢᠳᠠᠪᠤᠷᠢ ᠲᠠᠢ ᠪᠠ ᠠᠵᠢᠯ ᠣᠯᠬᠤ ᠬᠦᠰᠡᠯ ᠲᠠᠢ ᠠᠵᠢᠯ | ᠣᠯᠬᠤ ᠳᠤ ᠬᠦᠴᠢᠷᠲᠡᠶ ᠪᠠᠶᠢᠭ᠎ᠠ ᠬᠥᠮᠦᠰ ᠢ ᠲᠥᠪᠬᠢᠨᠡᠭᠦᠯᠬᠦ ᠳᠤ ᠬᠡᠷᠡᠭᠯᠡᠵᠤ᠂ ᠡᠭᠦᠨ ᠳᠤ ᠭᠤᠣᠯᠳᠠᠭᠤ ᠠᠵᠢᠯ | ᠣᠯᠤᠭᠰᠠᠨ ᠬᠥᠮᠦᠨ ᠦᠭᠡᠶ ᠭᠡᠷ ᠪᠦᠯᠢ ᠶᠢᠨ ᠪᠦᠷᠢᠯᠳᠦᠬᠦᠨ᠂ ᠨᠠᠰᠤ ᠠᠬᠢᠭᠰᠠᠨ ᠠᠵᠢᠯ ᠠᠯᠳᠠᠭᠰᠠᠳ᠂ ᠠᠮᠢᠳᠤᠷᠠᠯ | ᠤᠨ ᠨᠠᠭᠠᠳᠤ ᠵᠠᠬ᠎ᠠ ᠶᠢᠨ ᠪᠠᠲᠤᠯᠠᠭ᠎ᠠ ᠬᠦᠷᠲᠡᠵᠦ ᠪᠠᠶᠢᠭ᠎ᠠ ᠤᠷᠲᠤ ᠬᠤᠭᠤᠴᠠᠭ᠎ᠠ ᠪᠠᠷ ᠠᠵᠢᠯ ᠠᠯᠳᠠᠭᠰᠠᠳ ᠪᠤᠶᠤ | ᠵᠠᠬ᠎ᠠ ᠬᠢᠵᠠᠭᠠᠷ ᠤᠨ ᠭᠡᠷ ᠪᠦᠯᠢ ᠶᠢᠨ ᠠᠵᠢᠯ ᠠᠯᠳᠠᠭᠰᠠᠳ᠂ ᠭᠠᠵᠠᠷ ᠰᠢᠷᠣᠶ ᠪᠠᠨ ᠠᠯᠳᠠᠭᠰᠠᠨ ᠲᠠᠷᠢᠶᠠᠴᠢᠨ | ᠮᠠᠯᠴᠢᠳ᠂ ᠵᠡᠮᠳᠡᠭᠴᠦᠳ᠂ ᠳᠡᠭᠡᠳᠦ ᠰᠤᠷᠭᠠᠭᠤᠯᠢ ᠲᠡᠭᠦᠰᠦᠭᠰᠡᠳ ᠵᠡᠷᠭᠡ ᠣᠯᠠᠨ ᠲᠥᠷᠥᠯ ᠤᠨ ᠨᠡᠶᠢᠲᠡ ᠶᠢᠨ | ᠴᠣᠭᠴᠠ ᠪᠠᠭᠲᠠᠨ᠎ᠠ᠃ ᠠᠯᠳᠠᠨᠰᠢᠷᠡᠭᠡ ᠪᠠᠯᠭᠠᠰᠤ ᠬᠡᠷᠡᠭᠴᠡᠭᠡ ᠪᠠᠷ ᠲᠣᠬᠢᠷᠠᠭᠤᠯᠵᠤ᠂ ᠨᠠᠷᠢᠯᠢᠭ ᠣᠨᠣᠴᠠᠲᠠᠶ ᠪᠠᠷ | ᠲᠣᠬᠢᠷᠠᠭᠤᠯᠬᠤ᠂ ᠰᠠᠶᠢᠨ ᠳᠤᠷ᠎ᠠ ᠠᠴᠠ ᠪᠠᠨ ᠢᠯᠡ ᠨᠡᠶᠢᠳᠡᠯᠡᠬᠦ᠂ ᠨᠢᠭᠡᠳᠦᠯᠲᠡᠶ ᠬᠠᠮᠢᠶᠠᠷᠤᠯᠳᠠ ᠶᠢᠨ ᠵᠠᠷᠴᠢᠮ᠂ | ᠨᠡᠶᠢᠭᠡᠮ ᠤᠨ ᠳᠠᠭᠠᠳᠬᠠᠯ ᠤᠨ ᠬᠠᠪᠰᠤᠷᠤᠨ ᠬᠠᠮᠢᠶᠠᠷᠤᠭᠴᠢ᠂ ᠨᠡᠶᠢᠭᠡᠮ ᠲᠣᠭᠤᠷᠢᠭ ᠤᠨ ᠲᠤᠬᠠᠶᠢᠯᠠᠭᠰᠠᠨ ᠠᠵᠢᠯᠲᠠᠨ᠂ | ᠴᠡᠪᠡᠷᠯᠡᠭᠴᠢ᠂ ᠠᠮᠤᠷ ᠢ ᠬᠠᠮᠠᠭᠠᠯᠠᠭᠴᠢ᠂ ᠴᠡᠴᠡᠷᠯᠢᠭᠵᠢᠬᠦᠯᠬᠡ ᠶᠢᠨ ᠠᠷᠠᠴᠢᠯᠠᠭᠴᠢ ᠵᠢᠴᠢ ᠨᠣᠭᠤᠭᠠᠷᠠᠭᠤᠯᠤᠭᠴᠢ | ᠵᠡᠷᠭᠡ ᠣᠯᠠᠨ ᠨᠡᠶᠢᠲᠡ ᠶᠢᠨ ᠦᠶᠯᠡᠴᠢᠯᠡᠭᠡᠨ ᠤ ᠲᠥᠷᠥᠯ ᠤᠨ ᠠᠵᠢᠯ ᠤᠨ ᠪᠠᠶᠢᠷᠢ᠂ ᠡᠨᠡ ᠤᠳᠠᠭᠠᠨ ᠤ ᠨᠡᠶᠢᠲᠡ ᠶᠢᠨ | ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠪᠠᠷ ᠳᠠᠮᠵᠢᠭᠤᠯᠤᠨ ᠠᠵᠢᠯ ᠤᠯᠬᠤ ᠳᠤ ᠬᠦᠴᠢᠷᠲᠡᠶ ᠬᠥᠮᠦᠰ ᠤᠨ | ᠠᠵᠢᠯ ᠤᠯᠬᠤ ᠠᠰᠠᠭᠤᠳᠠᠯ ᠢ ᠰᠢᠶᠳᠪᠦᠷᠢᠯᠡᠭᠰᠡᠨ ᠢᠶᠠᠷ ᠪᠠᠷᠠᠬᠤ ᠥᠬᠡᠶ ᠠᠵᠤ ᠠᠬᠤᠶ ᠶᠢᠨ ᠣᠷᠣᠯᠭ᠎ᠠ ᠨᠢ ᠴᠦ | ᠪᠣᠳᠠᠲᠠᠶ ᠨᠡᠮᠡᠭᠳᠡᠵᠤ᠂ ᠡᠭᠦᠨ ᠤ ᠲᠠᠭᠠᠤ ᠣᠯᠠᠨ ᠲᠦᠮᠡᠨ ᠤ ᠠᠵᠢᠯ ᠤᠯᠬᠤ ᠠᠷᠭ᠎ᠠ ᠵᠠᠮ ᠴᠦᠬᠡᠨ᠂ ᠰᠢᠯᠵᠢᠭᠦᠯᠦᠨ | ᠠᠵᠢᠯ ᠣᠯᠭᠤᠬᠤ ᠳᠤ ᠬᠦᠴᠢᠷ᠂ ᠣᠷᠣᠯᠭ᠎ᠠ ᠶᠢ ᠨᠡᠮᠡᠭᠳᠡᠭᠦᠯᠬᠦ ᠠᠷᠭ᠎ᠠ ᠵᠠᠮ ᠢᠪᠴᠤᠤ ᠵᠡᠷᠭᠡ ᠠᠰᠠᠭᠤᠳᠠᠯ ᠢ | ᠪᠦᠲᠦᠮᠵᠢᠲᠡᠶ ᠪᠠᠷ ᠰᠢᠶᠳᠪᠦᠷᠢᠯᠡᠵᠤ᠂ ᠨᠡᠶᠢᠭᠡᠮ ᠤᠨ ᠵᠠᠰᠠᠯᠲᠠ ᠶᠢ ᠠᠬᠢᠭᠤᠯᠵᠤ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠶᠢ ᠠᠬᠢᠭᠤᠯᠤᠨ᠂ ᠠᠮᠢ ᠠᠬᠤᠶ ᠣᠷᠴᠢᠨ ᠲᠣᠭᠤᠷᠢᠨ ᠢ ᠬᠠᠮᠠᠭᠠᠯᠠᠬᠤ ᠵᠡᠷᠭᠡ ᠠᠵᠢᠯ | ᠤᠨ ᠲᠠᠯ᠎ᠠ ᠪᠠᠷ ᠢᠳᠡᠪᠬᠢᠲᠡᠶ ᠦᠶᠯᠡᠳᠦᠯ ᠦᠵᠡᠭᠦᠯᠪᠡ ᠃ |