ᠮᠠᠶᠢᠯ ᠨᠡᠶᠢᠭᠡᠮ ᠲᠣᠭᠤᠷᠢᠭ ︽ᠠᠪᠤ ᠤᠷᠤᠭᠰᠢ ᠪᠠᠨ ᠲᠡᠮᠡᠦᠯᠬᠦ︾ ᠰᠣᠨᠢᠷᠬᠠᠯᠲᠤ ᠪᠡᠶ᠎ᠡ ᠶᠢᠨ ᠲᠠᠮᠢᠷ ᠤᠨ ᠴᠤᠭᠯᠠᠭᠠᠨ ᠦᠷᠨᠢᠬᠦᠯᠪᠡ
ᠨᠡᠶᠢᠲᠡᠯᠡᠭᠰᠡᠨ ᠴᠠᠭ᠄
2021/7/30
           ᠠᠪᠤ ᠬᠦᠮᠦᠨ ᠤ ᠬᠡᠷ ᠪᠦᠯᠢ ᠳᠤ ᠡᠴᠢᠭᠡ ᠡᠬᠡ ᠦᠷ᠎ᠡ ᠬᠡᠦᠬᠡᠳ ᠤᠨ ᠬᠠᠷᠢᠴᠠᠭᠠᠨ ᠳᠤ ᠴᠢᠬᠤᠯᠠ ᠦᠶᠯᠡᠳᠦᠯ ᠪᠠᠳᠠᠷᠠᠭᠤᠯᠬᠤ ᠶᠢ ᠤᠯᠠᠮ ᠨᠢᠭᠡ ᠠᠯᠬᠤᠮ ᠬᠥᠲᠥᠯᠥᠨ ᠵᠢᠯᠣᠭᠤᠳᠬᠤ ᠶᠢᠨ ᠲᠥᠯᠥᠭᠡ᠂ ᠣᠶᠢᠷ᠎ᠠ ᠳᠤ᠂ ᠮᠠᠶᠢᠯ ᠨᠡᠶᠢᠭᠡᠮ ᠲᠣᠭᠤᠷᠢᠭ ︽ᠠᠪᠤ ᠤᠷᠤᠭᠰᠢ ᠪᠠᠨ ᠲᠡᠮᠡᠦᠯᠬᠦ︾ ᠰᠣᠨᠢᠷᠬᠠᠯᠲᠤ ᠪᠡᠶ᠎ᠡ ᠶᠢᠨ ᠲᠠᠮᠢᠷ ᠤᠨ ᠴᠤᠭᠯᠠᠭᠠᠨ ᠢ ᠡᠷᠭᠢᠯᠡᠪᠡ᠃      ᠲᠣᠰ ᠤᠳᠠᠭᠠᠨ ᠤ ᠠᠵᠢᠯᠯᠠᠭ᠎ᠠ ᠨᠢ ᠨᠡᠶᠢᠭᠡᠮ ᠲᠣᠭᠤᠷᠢᠭ ᠤᠨ ᠡᠴᠢᠭᠡ ᠡᠬᠡ ᠦᠷ᠎ᠡ ᠬᠡᠦᠬᠡᠳ ᠤᠨ ᠬᠡᠷ ᠪᠦᠯᠢ ᠎ ᠶᠢᠨ ᠬᠠᠯᠠᠭᠤᠨ ᠬᠦᠷᠢᠶᠡᠯᠡᠯ ᠶᠢ ᠣᠯᠵᠤ᠂ ᠨᠡᠶᠢᠲᠡ 10 ᠪᠦᠯᠦᠭ ᠬᠡᠷ ᠪᠦᠯᠢ ᠣᠷᠣᠯᠴᠠᠵᠤ᠂ ᠠᠵᠢᠯᠯᠠᠭ᠎ᠠ ᠳᠤᠮᠳᠠ᠂ ᠠᠪᠤ ᠨᠢ ᠬᠡᠦᠬᠡᠳ ᠢᠶᠠᠨ ᠳᠠᠭᠠᠭᠤᠯᠤᠨ ᠡᠯ᠎ᠡ ᠵᠦᠶᠯ ᠤᠨ ᠰᠣᠨᠢᠷᠬᠠᠯᠲᠠᠶ ᠪᠥᠭᠡᠳ ᠥᠷᠢᠰᠥᠯᠳᠦᠬᠡᠨ ᠤ ᠴᠢᠨᠠᠷᠲᠠᠶ ᠡᠴᠢᠭᠡ ᠡᠬᠡ ᠦᠷ᠎ᠡ ᠬᠡᠦᠬᠡᠳ ᠤᠨ ᠲᠣᠭᠯᠠᠭᠠᠮ ᠢ ᠪᠡᠶᠡᠴᠢᠯᠡᠨ ᠣᠶᠢᠯᠠᠭᠠᠬᠤ ᠳᠤ ᠣᠷᠣᠯᠴᠠᠵᠤ᠂ ᠡᠭᠦᠨ ᠳᠤ ᠥᠨᠳᠥᠷ ᠠᠭᠤᠯᠠ ᠤᠷᠤᠰᠬᠠᠯ ᠤᠰᠤ᠂ ᠲᠡᠷᠭᠡᠨ ᠬᠦᠷᠳᠦ ᠥᠩᠬᠦᠷᠢᠬᠦᠯᠬᠦ᠂ ᠬᠦᠯ ᠢᠶᠠᠨ ᠬᠤᠯᠪᠤᠵᠤ ᠬᠦᠶᠦᠬᠦ ᠵᠡᠷᠬᠡ ᠪᠠᠭᠲᠠᠨ᠎ᠠ᠃ ᠬᠡᠦᠬᠡᠳ ᠲᠣᠭᠯᠠᠭᠠᠮ ᠤᠨ ᠳᠤᠮᠳᠠ ᠪᠠᠶᠠᠷ ᠬᠦᠷ ᠢᠶᠠᠷ ᠪᠢᠯᠬᠠᠵᠤ᠂ ᠠᠪᠤ ᠨᠢ ᠴᠦ ᠬᠡᠦᠬᠡᠳ ᠤᠨ ᠢᠨᠢᠶᠡᠳᠦ ᠳᠤ ᠨᠥᠯᠥᠭᠡᠯᠡᠭᠳᠡᠳᠡᠭ᠂ ︽ᠳᠥᠭᠦᠮᠬᠡᠨ ᠬᠥᠳᠡᠯᠭᠡᠭᠡᠨ ᠨᠢ ᠬᠡᠦᠬᠡᠳ ᠢ ᠡᠶᠢᠮᠦ ᠪᠠᠶᠠᠷ ᠬᠥᠷ ᠲᠠᠢ ᠪᠣᠯᠭᠠᠵᠤ ᠴᠢᠳᠠᠨ᠎ᠠ ᠭᠡᠵᠦ ᠶᠡᠷᠦ ᠠᠴᠠ ᠪᠣᠳᠣᠵᠤ ᠣᠯᠤᠭᠰᠠᠨ ᠦᠭᠡᠢ᠂ ᠬᠤᠵᠢᠮ ᠬᠡᠦᠬᠡᠳ ᠲᠡᠭᠡᠨ ᠢᠯᠡᠭᠦᠬᠡᠨ ᠬᠠᠨᠢ ᠪᠤᠯᠵᠤ᠂ ᠤᠴᠢᠷ ᠎ ᠨᠢ ᠬᠡᠦᠬᠡᠳ ᠨᠢᠳᠦ ᠢᠷᠮᠡᠬᠦ ᠶᠢᠨ ᠵᠠᠭᠤᠷ᠎ᠠ ᠲᠣᠮᠣ ᠪᠣᠯᠤᠨ᠎ᠠ︾ ᠭᠡᠵᠦ ᠨᠢᠭᠡᠨ ᠠᠪᠤ ᠲᠠᠮᠢᠷ ᠤᠨ ᠴᠤᠭᠯᠠᠭᠠᠨ ᠳᠤ ᠣᠷᠣᠯᠴᠠᠵᠤ ᠪᠠᠷᠠᠭᠰᠠᠨ ᠤ ᠳᠠᠷᠠᠭ᠎ᠠ᠂ ᠦᠨᠡᠨ ᠰᠡᠳᠬᠢᠯ ᠠᠴᠠ ᠪᠠᠨ ᠬᠡᠯᠡᠪᠡ  ᠃      ᠲᠠᠮᠢᠷ ᠤᠨ ᠴᠤᠭᠯᠠᠭᠠᠨ ᠳᠠᠭᠤᠰᠤᠭᠰᠠᠨ ᠤ ᠳᠠᠷᠠᠭ᠎ᠠ᠂ ᠬᠡᠦᠬᠡᠳ ᠤᠳ ᠱᠠᠩᠨᠠᠯ ᠤᠯᠤᠭᠰᠠᠨ ᠳᠠᠭᠠᠨ ᠲᠡᠰᠬᠡᠯ ᠦᠭᠡᠢ ᠪᠠᠶᠠᠷᠯᠠᠵᠤ᠂ ᠪᠢᠴᠢᠬᠠᠨ ᠨᠠᠶᠢᠵᠠ ᠨᠠᠷ ᠴᠤ ᠵᠠᠯᠭᠠᠭ᠎ᠠ ᠵᠠᠯᠭᠠᠭ᠎ᠠ ᠪᠠᠷ ᠬᠥᠳᠡᠯᠭᠡᠭᠡᠨ ᠡᠬᠢᠯᠡᠬᠦ ᠠᠴᠠ ᠡᠮᠦᠨ᠎ᠡ ᠠᠪᠤ ᠳᠠᠭᠠᠨ ᠪᠢᠴᠢᠭᠰᠡᠨ ︽ᠨᠢᠭᠤᠴᠠ ᠦᠭᠡ︾᠎ ᠪᠠᠨ ᠭᠠᠷᠭᠠᠵᠤ ᠠᠪᠤ ᠳᠠᠭᠠᠨ ᠬᠦᠷᠭᠡᠪᠡ  ᠃ ᠵᠢᠵᠢᠭ ᠬᠠᠭᠤᠳᠠᠰᠤᠨ ᠳᠡᠭᠡᠷᠡᠬᠢ ︽ᠠᠪᠤ ᠡ᠂ ᠪᠢ ᠴᠢᠮ᠎ᠠ ᠳᠤ ᠬᠠᠶᠢᠷᠠᠲᠠᠢ︾ ᠭᠡᠰᠡᠨ ᠦᠭᠡ ᠨᠢ ᠦᠵᠡᠬᠦ ᠳᠤ ᠳᠥᠭᠦᠮᠬᠡᠨ ᠪᠣᠯᠪᠠᠴᠤ ᠡᠳᠡᠭᠡᠷ ︽ᠰᠠᠶᠢᠨ ᠡᠷ᠎ᠡ︾᠎ ᠶᠢᠨ ᠨᠢᠳᠦ ᠶᠢ ᠵᠠᠶᠢᠷᠳᠤᠭᠤᠯᠪᠠ᠃      ᠲᠣᠰ ᠤᠳᠠᠭᠠᠨ ᠤ ᠰᠣᠨᠢᠷᠬᠠᠯᠲᠤ ᠪᠡᠶ᠎ᠡ ᠶᠢᠨ ᠲᠠᠮᠢᠷ ᠤᠨ ᠴᠤᠭᠯᠠᠭᠠᠨ ᠨᠢ ᠬᠡᠦᠬᠡᠳ ᠪᠠ ᠬᠡᠷ ᠤᠨ ᠠᠬᠠᠮᠠᠳ ᠎ ᠲᠤ ᠨᠢᠭᠡᠨ ᠰᠠᠶᠢᠨ ᠰᠠᠶᠢᠬᠠᠨ ᠬᠠᠮᠲᠤᠷᠠᠨ ᠠᠵᠢᠯᠯᠠᠬᠤ ᠠᠭᠤᠷ ᠠᠮᠢᠰᠬᠤᠯ ᠢ ᠪᠣᠶ ᠪᠣᠯᠭᠠᠵᠤ᠂ ᠨᠢᠭᠡ ᠵᠦᠶᠯ ᠤᠨ ᠢᠳᠡᠪᠬᠢᠲᠡᠶ ᠪᠠᠷ ᠥᠭᠡᠳᠡᠯᠡᠨ ᠳᠠᠪᠰᠢᠬᠤ᠂ ᠵᠣᠷᠢᠭᠲᠠᠶ ᠪᠠᠷ ᠲᠡᠮᠡᠴᠡᠬᠦ ᠪᠡᠶ᠎ᠡ ᠶᠢᠨ ᠲᠠᠮᠢᠷ ᠤᠨ ᠵᠣᠷᠢᠭ ᠰᠠᠨᠠᠭ᠎ᠠ ᠶᠢ ᠪᠣᠶ ᠪᠣᠯᠭᠠᠵᠤ᠂ ᠣᠯᠠᠨ ᠶᠠᠩᠵᠤ ᠶᠢᠨ ᠬᠡᠯᠪᠡᠷᠢ ᠮᠠᠶ᠋ᠢᠭ ᠤᠨ ᠡᠴᠢᠭᠡ ᠡᠬᠡ ᠦᠷ᠎ᠡ ᠬᠡᠦᠬᠡᠳ ᠤᠨ ᠲᠣᠭᠯᠠᠭᠠᠮ ᠢᠶᠠᠷ ᠳᠠᠮᠵᠢᠭᠤᠯᠤᠨ ᠬᠡᠷ ᠤᠨ ᠠᠬᠠᠮᠠᠳ ᠬᠢᠭᠡᠳ ᠨᠡᠶᠢᠭᠡᠮ ᠲᠣᠭᠤᠷᠢᠭ ᠤᠨ ᠬᠤᠭᠤᠷᠣᠨᠳᠣᠬᠢ᠂ ᠬᠡᠷ ᠤᠨ ᠠᠬᠠᠮᠠᠳ ᠬᠢᠭᠡᠳ ᠬᠡᠷ ᠤᠨ ᠠᠬᠠᠮᠠᠳ ᠤᠨ ᠬᠤᠭᠤᠷᠣᠨᠳᠣᠬᠢ᠂ ᠬᠡᠷ ᠤᠨ ᠠᠬᠠᠮᠠᠳ ᠬᠢᠭᠡᠳ ᠬᠡᠦᠬᠡᠳ ᠤᠨ ᠬᠤᠭᠤᠷᠣᠨᠳᠣᠬᠢ ᠬᠠᠶᠢᠷ᠎ᠠ ᠰᠡᠳᠬᠢᠯᠭᠡ ᠶᠢᠨ ᠰᠣᠯᠢᠯᠴᠠᠭ᠎ᠠ ᠶᠢ ᠴᠢᠩᠭᠠᠳᠬᠠᠵᠤ᠂ ᠲᠡᠭᠦᠨ ᠢ ᠲᠣᠭᠯᠠᠭᠠᠮ ᠤᠨ ᠳᠤᠮᠳᠠ ᠳᠠᠪᠲᠠᠨ ᠪᠣᠯᠪᠠᠰᠤᠷᠠᠭᠤᠯᠵᠤ ᠬᠦᠮᠦᠵᠢᠬᠦᠯᠬᠦ ᠬᠠᠷᠠᠯᠳᠠ ᠳᠤ ᠬᠦᠷᠦᠭᠰᠡᠨ ᠪᠠᠶᠢᠨ᠎ᠠ  ᠃
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号