ᠬᠤᠨᠢᠴᠢᠨ ᠭᠤᠤᠯ ᠪᠠᠯᠭᠠᠰᠤ ᠪᠥᠬᠦ ᠪᠠᠯᠭᠠᠰᠤᠨ ᠤ ᠠᠶᠢᠯ ᠲᠣᠰᠬᠤᠨ ᠤ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/7/30
       ᠣᠶᠢᠷ᠎ᠠ ᠳᠤ᠂ ᠬᠤᠨᠢᠴᠢᠨ ᠭᠤᠤᠯ ᠪᠠᠯᠭᠠᠰᠤ ᠪᠥᠬᠦ ᠪᠠᠯᠭᠠᠰᠤᠨ ᠤ ᠠᠶᠢᠯ ᠲᠣᠰᠬᠤᠨ ᠤ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠵᠤ᠂ ᠪᠠᠯᠭᠠᠰᠤᠨ ᠤ ᠳᠡᠳ᠋ ᠳᠠᠷᠤᠭ᠎ᠠ ᠴᠢᠶᠣᠤ ᠬᠤᠤ ᠶᠠᠩ ᠬᠤᠷᠠᠯ ᠢ ᠡᠷᠭᠢᠯᠡᠪᠡ  ᠃      ᠬᠤᠷᠠᠯ ᠠᠴᠠ ︽ᠡᠵᠡᠨ ᠬᠤᠷᠤᠭ᠎ᠠ ᠬᠤᠰᠢᠭᠤᠨ ᠤ ᠠᠶᠢᠯ ᠲᠣᠰᠬᠤᠨ ᠤ ᠲᠥᠯᠥᠪᠵᠢᠭᠦᠯᠭᠡ ᠶᠢᠨ ᠠᠵᠢᠯ ᠤᠨ ᠲᠥᠰᠦᠯ 》᠎ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠴᠢᠶᠣᠤ ᠬᠤᠤ ᠶᠠᠩ ᠡᠯ᠎ᠡ ᠲᠣᠰᠬᠤᠨ ᠳᠡᠭᠡᠳᠦ ᠬᠡᠮᠵᠢᠶ᠎ᠡ ᠎ ᠪᠠᠷ ᠴᠢᠬᠤᠯᠠᠴᠢᠯᠠᠵᠤ᠂ ᠪᠠᠶᠢᠳᠠᠯ ᠢ ᠲᠣᠳᠣᠷᠬᠠᠶ ᠲᠠᠨᠢᠵᠤ᠂ ᠶᠡᠭᠡ ᠬᠠᠨᠳᠤᠰᠢ ᠶᠢ ᠡᠵᠡᠮᠳᠡᠵᠦ᠂ ᠠᠶᠢᠯ ᠲᠣᠰᠬᠤᠨ ᠤ ᠲᠥᠯᠥᠪᠵᠢᠭᠦᠯᠭᠡ ᠶᠢᠨ ᠠᠵᠢᠯ ᠢ ᠰᠠᠶᠢᠲᠤᠷ ᠬᠢᠬᠦ ᠶᠢᠨ ᠴᠢᠬᠤᠯᠠ ᠴᠢᠨᠠᠷ ᠢ ᠭᠦᠶᠴᠡᠳ ᠲᠠᠨᠢᠬᠤ ᠬᠡᠷᠡᠭᠲᠡᠶ ᠭᠡᠵᠦ ᠴᠢᠬᠤᠯᠠᠴᠢᠯᠠᠪᠠ  ᠃ ᠲᠣᠰᠬᠤᠨ ᠤ ᠲᠥᠯᠥᠪᠵᠢᠭᠦᠯᠭᠡ ᠨᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠶᠢᠨ ᠰᠠᠭᠤᠷᠢ ᠴᠢᠨᠠᠷᠲᠠᠶ᠂ ᠲᠡᠷᠢᠭᠦᠨ ᠴᠢᠬᠤᠯᠠ ᠠᠵᠢᠯ ᠪᠣᠯᠤᠭᠰᠠᠨ ᠤ ᠬᠤᠪᠢ ᠳᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ 《 ᠠᠩᠬᠠᠨ ᠤ ᠠᠵᠢᠯ 》 ᠪᠣᠯᠤᠨ᠎ᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ ᠢᠯᠠᠵᠤ ᠢᠯᠠᠭᠳᠠᠬᠤ ᠲᠠᠢ ᠬᠤᠯᠪᠣᠭᠳᠠᠵᠤ᠂ ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ ᠶᠢᠨ ᠠᠵᠢᠯᠯᠠᠭᠠᠨ ᠤ ᠶᠠᠰᠤ ᠴᠢᠨᠠᠷ ᠲᠠᠢ ᠬᠤᠯᠪᠣᠭᠳᠠᠵᠤ᠂ ᠣᠯᠠᠨ ᠲᠦᠮᠡᠨ ᠤ ᠠᠮᠢᠳᠤᠷᠠᠯ ᠤᠨ ᠶᠠᠰᠤ ᠴᠢᠨᠠᠷ ᠤᠨ ᠳᠡᠭᠡᠭᠰᠢᠯᠡᠯᠲᠡ ᠲᠠᠢ ᠬᠤᠯᠪᠣᠭᠳᠠᠵᠤ᠂ ᠮᠠᠨ ᠎ ᠤ ᠪᠠᠯᠭᠠᠰᠤᠨ ᠤ ᠠᠯᠤᠰ ᠬᠡᠲᠦ ᠶᠢᠨ ᠬᠥᠭᠵᠢᠯᠲᠡ ᠲᠠᠢ ᠬᠤᠯᠪᠣᠭᠳᠠᠨ᠎ᠠ᠂ ᠪᠢᠳᠡ 《 ᠠᠮᠵᠢᠯᠲᠠ ᠤᠯᠬᠤ 》᠎ ᠪᠠᠷ ᠪᠠᠷᠠᠬᠤ ᠥᠬᠡᠶ ᠨᠠᠩ ᠴᠤ 《 ᠰᠠᠶᠢᠳᠤᠷ 》ᠬᠢᠬᠦ ᠬᠡᠷᠡᠭᠲᠡᠶ ᠬᠡᠪᠡ  ᠃      ᠲᠠᠷᠠᠭ᠎ᠠ ᠨᠢ᠂ ᠴᠢᠶᠣᠤ ᠬᠤᠤ ᠶᠠᠩ ᠥᠪᠥᠷ ᠮᠣᠩᠭᠤᠯ ᠤᠨ ᠬᠤᠳᠠ ᠶᠢᠨ ᠣᠷᠣᠨ ᠵᠠᠢ ᠶᠢᠨ ᠲᠥᠯᠥᠪᠵᠢᠭᠦᠯᠭᠡ ᠵᠢᠷᠤᠭ ᠲᠥᠯᠥᠪᠯᠡᠭᠡ ᠶᠢᠨ ᠬᠢᠵᠠᠭᠠᠷᠲᠤ ᠺᠣᠮᠫᠠᠨᠢ᠂ ᠵᠦᠩᠴᠧᠩ ᠬᠤᠳᠠ ᠶᠢᠨ ᠺᠧ ᠽᠧ ᠢᠨᠵᠧᠨᠧᠷᠢᠩ ᠤᠨ ᠵᠢᠷᠤᠭ ᠲᠥᠯᠥᠪᠯᠡᠭᠡ ᠶᠢᠨ ᠬᠢᠵᠠᠭᠠᠷᠲᠤ ᠺᠣᠮᠫᠠᠨᠢ᠂ ᠱᠧᠨᠵᠧᠨ ᠬᠤᠳᠠ ᠶᠢᠨ ᠫᠧᠩ ᡁᠢ ᠢ ᠪᠠᠷᠢᠯᠭ᠎ᠠ ᠶᠢᠨ ᠵᠢᠷᠤᠭ ᠲᠥᠯᠥᠪᠯᠡᠭᠡ ᠶᠢᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠧᠨ ᠸᠧᠢ ᠲᠥᠯᠥᠪᠵᠢᠭᠦᠯᠭᠡ ᠵᠢᠷᠤᠭ ᠲᠥᠯᠥᠪᠯᠡᠭᠡ ᠎ ᠶᠢᠨ ᠬᠢᠵᠠᠭᠠᠷᠲᠤ ᠺᠣᠮᠫᠠᠨᠢ ᠶᠢ ᠵᠣᠬᠢᠶᠠᠨ ᠪᠠᠶᠢᠭᠤᠯᠵᠤ ᠰᠡᠭᠦᠯᠴᠢ ᠶᠢᠨ ᠬᠤᠭᠤᠴᠠᠭᠠᠨ ᠤ ᠲᠣᠰᠬᠤᠨ ᠤ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ  ᠃      ᠴᠢᠶᠣᠤ ᠬᠤᠤ ᠶᠠᠩ ᠢᠯᠡᠷᠬᠡᠶᠢᠯᠡᠬᠦ ᠳᠡᠭᠡᠨ᠂ ᠡᠨᠡ ᠬᠦ ᠠᠵᠢᠯ ᠤᠨ ᠴᠠᠭ ᠪᠠᠴᠢᠮ᠂ ᠡᠭᠦᠷᠭᠡ ᠬᠦᠨᠳᠦ᠂ ᠡᠯ᠎ᠡ ᠵᠢᠷᠤᠭ ᠲᠥᠯᠥᠪᠯᠡᠭᠡᠨ ᠤ ᠬᠦᠷᠢᠶᠡᠯᠡᠩ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠬᠦᠴᠦᠨ ᠢᠶᠠᠨ ᠲᠥᠪᠯᠡᠷᠡᠭᠦᠯᠦᠨ ︽ᠣᠯᠠᠨ ᠲᠥᠯᠥᠪᠵᠢᠭᠦᠯᠭᠡ ᠶᠢ ᠨᠢᠭᠡᠳᠬᠡᠭᠰᠡᠨ︾ ᠬᠡᠷᠡᠭᠯᠡᠭᠡᠨ ᠤ ᠴᠢᠨᠠᠷᠲᠠᠶ ᠠᠶᠢᠯ ᠲᠣᠰᠬᠤᠨ ᠤ ᠲᠥᠯᠥᠪᠵᠢᠭᠦᠯᠭᠡ ᠶᠢ ᠰᠠᠶᠢᠲᠤᠷ ᠨᠠᠶᠢᠷᠠᠭᠤᠯᠤᠨ ᠵᠣᠬᠢᠶᠠᠬᠤ ᠶᠢ ᠬᠦᠰᠡᠵᠦ ᠪᠠᠶᠢᠨ᠎ᠠ᠂ ᠥᠰᠬᠡᠭᠡᠨ ᠲᠥᠰᠬᠡᠭᠡᠨ ᠲᠠᠢ᠂ ᠪᠣᠳᠠᠲᠤ ᠪᠠᠶᠢᠳᠠᠯ ᠲᠠᠢ ᠨᠡᠶᠢᠴᠡᠬᠦ ᠥᠬᠡᠶ᠂ ᠲᠤᠰᠬᠤᠨ ᠪᠤᠯᠭᠠᠨ ᠠᠳᠠᠯᠢᠬᠠᠨ ᠪᠠᠶᠢᠬᠤ ᠦᠵᠡᠭᠳᠡᠯ ᠢ ᠴᠢᠩᠭ᠎ᠠ ᠴᠡᠭᠡᠷᠯᠡᠬᠦ ᠬᠡᠷᠡᠭᠲᠡᠶ ᠭᠡᠵᠡᠶ᠃ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠲᠠᠢ ᠤᠶᠠᠯᠳᠤᠭᠤᠯᠵᠤ᠂ ᠬᠥᠳᠡᠭᠡ ᠲᠣᠰᠬᠤᠨ ᠤ ᠭᠠᠵᠠᠷ ᠰᠢᠷᠣᠢ ᠶᠢᠨ ᠠᠰᠢᠭᠯᠠᠯᠲᠠ᠂ ᠠᠵᠤ ᠦᠢᠯᠡᠰ ᠎ ᠤᠨ ᠬᠥᠭᠵᠢᠯᠲᠡ᠂ ᠰᠠᠭᠤᠭᠠᠯᠢ ᠠᠷᠠᠳ ᠤᠨ ᠴᠡᠭ ᠤᠨ ᠪᠠᠶᠢᠷᠢᠰᠢᠭᠤᠯᠤᠯᠲᠠ᠂ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ᠂ ᠠᠮᠢ ᠠᠬᠤᠢ ᠶᠢᠨ ᠬᠠᠮᠠᠭᠠᠯᠠᠯᠲᠠ ᠪᠠ ᠲᠡᠦᠬᠡ ᠰᠣᠶᠣᠯ ᠤᠨ ᠤᠯᠠᠮᠵᠢᠯᠠᠯ ᠵᠡᠷᠭᠡ ᠎ ᠶᠢ ᠪᠦᠬᠦ ᠲᠠᠯ᠎ᠠ ᠪᠠᠷ ᠪᠣᠳᠣᠯᠬᠢᠯᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠎ ᠶᠢ ᠨᠠᠶᠢᠳᠠᠪᠤᠷᠢᠵᠢᠭᠤᠯᠵᠤ᠂ ᠠᠶᠢᠯ ᠲᠣᠰᠬᠤᠨ ᠤ ᠪᠠᠶᠢᠷᠢᠰᠢᠭᠤᠯᠤᠯᠲᠠ ᠶᠢ ᠰᠢᠯᠢᠳᠡᠭᠵᠢᠭᠦᠯᠬᠦ ᠬᠡᠷᠡᠭᠲᠡᠢ  ᠃ ᠲᠣᠰᠬᠤᠨ ᠎ ᠤ ᠭᠤᠷᠪᠠᠨ ᠵᠥᠪᠯᠡᠯ ᠤᠨ ᠪᠦᠷᠢᠯᠳᠦᠬᠦᠨ ᠢ ᠨᠢᠭᠲᠠ ᠵᠣᠬᠢᠴᠠᠭᠤᠯᠵᠤ᠂ ᠬᠠᠮᠵᠢᠯᠴᠠᠭ᠎ᠠ ᠪᠠᠨ ᠰᠠᠶᠢᠲᠤᠷ ᠬᠢᠵᠦ᠂ ᠠᠶᠢᠯ ᠲᠣᠰᠬᠤᠨ ᠤ ᠲᠥᠯᠥᠪᠵᠢᠭᠦᠯᠭᠡ ᠨᠢ ᠤᠯᠤᠰ ᠤᠨ ᠮᠡᠷᠭᠡᠵᠢᠯ ᠤᠨ ᠳᠦᠷᠢᠮ ᠳᠤ ᠨᠡᠶᠢᠴᠡᠬᠦ ᠮᠥᠷᠲᠡᠭᠡᠨ ᠪᠠᠰᠠ ᠠᠷᠠᠳ ᠎ ᠤᠨ ᠪᠠᠶᠢᠳᠠᠯ ᠠᠷᠠᠳ ᠤᠨ ᠰᠠᠨᠠᠭ᠎ᠠ ᠶᠢ ᠪᠠᠲᠤᠯᠠᠬᠤ ᠬᠡᠷᠡᠭᠲᠡᠶ ᠬᠡᠪᠡ  ᠃
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号