ᠨᠠᠷᠢᠨᠲᠣᠬᠤᠶ ᠪᠠᠯᠭᠠᠰᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠶᠯᠡᠳᠦᠯᠭᠡ ᠶᠢᠨ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/7/30
       ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠤᠬᠠᠭᠤᠯᠵᠤ ᠲᠤᠭᠤᠰᠢᠯᠠᠭᠤᠯᠤᠨ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠶᠯᠡᠳᠦᠯᠭᠡ ᠶᠢᠨ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠶᠢᠨ ᠲᠥᠯᠥᠭᠡ᠂ ᠣᠶᠢᠷ᠎ᠠ ᠳᠤ᠂ ᠨᠠᠷᠢᠨ ᠲᠣᠬᠤᠶ ᠪᠠᠯᠭᠠᠰᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠶᠯᠡᠳᠦᠯᠭᠡ ᠶᠢᠨ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠵᠤ᠂ ᠡᠯ᠎ᠡ ᠲᠣᠰᠬᠤᠨ᠂ ᠨᠡᠶᠢᠭᠡᠮ ᠲᠣᠭᠤᠷᠢᠭ ᠤᠨ ᠨᠠᠮ ᠤᠨ ᠡᠭᠦᠷ ᠤᠨ ᠱᠦᠵᠢ᠂ ᠰᠠᠶᠢᠨ ᠳᠤᠷ᠎ᠠ ᠎ ᠶᠢᠨ ᠦᠶᠯᠡᠴᠢᠯᠡᠭᠡᠨ ᠤ ᠠᠩᠭᠢ ᠶᠢᠨ ᠬᠠᠷᠢᠭᠤᠴᠠᠯᠭᠠᠲᠠᠨ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠯᠪᠠᠨ ᠬᠡᠷ ᠤᠨ ᠠᠵᠢᠯᠲᠠᠨ ᠬᠤᠷᠠᠯ ᠳᠤ ᠣᠷᠣᠯᠴᠠᠪᠠ᠃ ᠪᠠᠯᠭᠠᠰᠤᠨ ᠤ ᠨᠠᠮ ᠤᠨ ᠬᠤᠷᠢᠶᠠᠨ ᠤ ᠭᠡᠰᠢᠭᠦᠨ᠂ ᠤᠬᠠᠭᠤᠯᠬᠤ ᠭᠡᠰᠢᠭᠦᠨ ᠸᠠᠩ ᠢᠦᠢ ᠬᠤᠸᠠ ᠬᠤᠷᠠᠯ ᠡᠷᠭᠢᠯᠡᠪᠡ  ᠃      ᠬᠤᠷᠠᠯ ᠠᠴᠠ ᠡᠮᠦᠨ᠎ᠡ᠂ ᠬᠤᠰᠢᠭᠤᠨ ᠤ ᠨᠡᠶᠢᠭᠡᠮ ᠤᠨ ᠠᠵᠢᠯ ᠤᠨ ᠨᠡᠶᠢᠭᠡᠮᠯᠢᠭ ᠤᠨ ᠬᠢᠨᠠᠨ ᠵᠢᠯᠣᠭᠤᠳᠬᠤ ᠠᠵᠢᠯᠲᠠᠳ 《 ᠲᠤᠰᠬᠠᠶ ᠮᠡᠷᠭᠡᠵᠢᠯ ᠤᠨ ᠰᠠᠶᠢᠨ ᠳᠤᠷ᠎ᠠ ᠶᠢᠨ ᠦᠶᠯᠡᠴᠢᠯᠡᠭᠡᠨ ᠤ ᠵᠢᠷᠤᠭ ᠲᠥᠯᠥᠪᠯᠡᠭᠡ ᠪᠠ ᠬᠡᠷᠡᠭᠵᠢᠭᠦᠯᠦᠯᠲᠡ 》 ᠭᠡᠬᠦ ᠰᠡᠳᠦᠪ ᠢᠶᠠᠷ ᠰᠠᠶᠢᠨ ᠳᠤᠷ᠎ᠠ ᠶᠢᠨ ᠦᠶᠯᠡᠴᠢᠯᠡᠭᠡᠨ ᠤ ᠵᠢᠷᠤᠭ ᠲᠥᠯᠥᠪᠯᠡᠭᠡ ᠶᠢ ᠬᠡᠷᠬᠢᠨ ᠰᠠᠶᠢᠲᠤᠷ ᠬᠢᠬᠦ ᠪᠠ ᠲᠤᠰᠬᠠᠶ ᠮᠡᠷᠭᠡᠵᠢᠯ ᠤᠨ ᠰᠠᠶᠢᠨ ᠳᠤᠷ᠎ᠠ ᠶᠢᠨ ᠦᠶᠯᠡᠴᠢᠯᠡᠭᠡᠨ ᠤ ᠠᠵᠢᠯᠯᠠᠭ᠎ᠠ ᠶᠢ ᠬᠡᠷᠬᠢᠨ ᠰᠠᠶᠢᠲᠤᠷ ᠬᠡᠷᠡᠭᠵᠢᠭᠦᠯᠬᠦ ᠲᠤᠬᠠᠶ ᠨᠠᠷᠢᠨ ᠲᠠᠶᠢᠯᠤᠮᠵᠢ ᠬᠢᠪᠠ  ᠃      ᠬᠤᠷᠠᠯ ᠠᠴᠠ ᠮᠠᠨ ᠤ ᠪᠠᠯᠭᠠᠰᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠶᠯᠡᠳᠦᠯᠭᠡ ᠶᠢᠨ ᠣᠶᠢᠷ᠎ᠠ ᠎ ᠶᠢᠨ ᠬᠤᠭᠤᠴᠠᠭᠠᠨ ᠤ ᠭᠤᠤᠯᠳᠠᠯᠭ᠎ᠠ ᠲᠠᠢ ᠠᠵᠢᠯ ᠢ ᠤᠯᠠᠮᠵᠢᠯᠠᠭᠰᠠᠨ ᠪᠥᠭᠡᠳ ᠲᠠᠷᠠᠭᠠᠴᠢ ᠶᠢᠨ ᠠᠯᠬᠤᠮ ᠤᠨ ᠪᠣᠳᠠᠲᠠᠶ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ  ᠃        ᠬᠤᠷᠠᠯ ᠠᠴᠠ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠶᠯᠡᠳᠦᠯᠭᠡ ᠶᠢᠨ ᠠᠵᠢᠯ ᠢ ᠰᠠᠶᠢᠲᠤᠷ ᠬᠢᠬᠦ ᠪᠣᠯ ᠨᠠᠮ ᠤᠨ ᠲᠥᠷᠥ ᠪᠠᠷᠢᠬᠤ ᠰᠠᠭᠤᠷᠢ᠂ ᠨᠠᠮ ᠤᠨ ᠲᠥᠷᠥ ᠪᠠᠷᠢᠬᠤ ᠪᠠᠶᠢᠷᠢ ᠰᠠᠭᠤᠷᠢ ᠶᠢ ᠪᠠᠬᠢᠵᠢᠭᠦᠯᠬᠦ ᠨᠠᠮ ᠢ ᠮᠠᠨᠳᠤᠭᠤᠯᠬᠤ ᠠᠷᠭ᠎ᠠ ᠬᠡᠮᠵᠢᠶ᠎ᠡ ᠮᠥᠨ᠂ ᠨᠡᠶᠢᠭᠡᠮ ᠤᠨ ᠭᠤᠤᠯ ᠵᠥᠷᠢᠴᠡᠯ ᠤᠨ ᠬᠤᠪᠢᠷᠠᠯᠲᠠ ᠳᠤ ᠵᠣᠬᠢᠴᠠᠬᠤ᠂ ᠣᠯᠠᠨ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠬᠦᠰᠡᠯ ᠡᠷᠡᠮᠡᠯᠵᠡᠯ ᠢ ᠨᠠᠩ ᠰᠠᠶᠢᠲᠤᠷ ᠬᠠᠩᠭᠠᠬᠤ ᠠᠷᠠᠳ ᠲᠤ ᠠᠰᠢᠭ ᠬᠦᠷᠲᠡᠭᠡᠬᠦ ᠠᠷᠭ᠎ᠠ ᠬᠡᠮᠵᠢᠶ᠎ᠡ ᠮᠥᠨ᠂ ᠪᠠᠰᠠ ᠴᠤ ᠡᠶ᠎ᠡ ᠵᠣᠬᠢᠴᠠᠩᠭᠤᠶ ᠲᠣᠭᠲᠠᠭᠤᠨ ᠨᠡᠶᠢᠭᠡᠮ ᠤᠨ ᠣᠷᠴᠢᠨ ᠲᠣᠭᠤᠷᠢᠨ ᠢ ᠪᠣᠶ ᠪᠣᠯᠭᠠᠬᠤ᠂ ᠡᠯ᠎ᠡ ᠲᠣᠰᠬᠤᠨ᠂ ᠨᠡᠶᠢᠭᠡᠮ ᠲᠣᠭᠤᠷᠢᠭ ᠤᠨ ᠴᠢᠨᠠᠷ ᠰᠠᠶᠢᠲᠠᠶ ᠬᠥᠭᠵᠢᠯᠲᠡ ᠳᠤ ᠬᠦᠴᠦᠨ ᠨᠡᠮᠡᠷᠢᠯᠡᠬᠦ ᠦᠨᠳᠦᠰᠦ ᠶᠢ ᠪᠠᠬᠢᠵᠢᠭᠦᠯᠬᠦ ᠠᠷᠭ᠎ᠠ ᠬᠡᠮᠵᠢᠶ᠎ᠡ ᠮᠥᠨ  ᠃      ᠬᠤᠷᠠᠯ ᠠᠴᠠ᠂ ᠡᠯ᠎ᠡ ᠲᠣᠰᠬᠤᠨ᠂ ᠨᠡᠶᠢᠭᠡᠮ ᠲᠣᠭᠤᠷᠢᠭ ᠤᠯᠤᠰ ᠲᠦᠷᠦ ᠶᠢᠨ ᠵᠣᠭᠰᠣᠴᠠ ᠪᠠᠨ ᠤᠯᠠᠮ ᠴᠢᠨᠠᠭᠰᠢᠳᠠ ᠳᠡᠭᠡᠭᠰᠢᠯᠡᠭᠦᠯᠵᠦ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠠᠵᠢᠯ ᠤᠨ ᠴᠢᠬᠤᠯᠠ ᠠᠴᠢ ᠬᠤᠯᠪᠣᠭᠳᠠᠯ ᠢ ᠭᠦᠢᠴᠡᠳ ᠲᠠᠨᠢᠵᠤ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠪᠠᠶᠢᠭᠤᠯᠤᠯᠲᠠ ᠶᠢ ᠭᠦᠨᠵᠡᠭᠡᠢ ᠠᠬᠢᠭᠤᠯᠬᠤ ᠬᠡᠷᠡᠭᠲᠡᠢ  ᠃ ᠪᠣᠳᠠᠲᠤ ᠪᠠᠶᠢᠳᠠᠯ ᠳᠤ ᠰᠠᠭᠤᠷᠢᠯᠠᠨ᠂  ᠲᠤᠳᠠᠭᠳᠠᠯ ᠢᠶᠠᠨ ᠨᠥᠬᠦᠪᠥᠷᠢᠯᠡᠵᠦ᠂ ᠣᠯᠠᠨ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠰᠣᠶᠣᠯ ᠤᠨ ᠰᠢᠨ᠎ᠡ ᠬᠡᠷᠡᠭᠴᠡᠭᠡ᠂ ᠰᠢᠨ᠎ᠡ ᠬᠦᠰᠡᠯ ᠡᠷᠡᠮᠡᠯᠵᠡᠯ ᠢ ᠬᠠᠩᠭᠠᠬᠤ ᠪᠠᠷ ᠵᠣᠷᠢᠯᠲᠠ ᠪᠠ ᠵᠤᠭᠰᠤᠴᠠ ᠪᠠᠨ ᠪᠣᠯᠭᠠᠵᠤ᠂ ᠥᠷᠭᠡᠨ ᠣᠯᠠᠨ ᠠᠷᠠᠳ ᠲᠦᠮᠡᠨ ᠎ ᠳᠤ ᠦᠨᠡᠨ ᠬᠦ ᠴᠢᠨᠠᠷ ᠰᠠᠶᠢᠲᠠᠶ᠂ ᠬᠦᠷᠢᠶᠡᠯᠡᠯ ᠲᠠᠢ ᠪᠣᠯᠪᠠᠰᠤᠨ ᠦᠶᠯᠡᠳᠦᠯᠭᠡ ᠶᠢᠨ ᠰᠠᠶᠢᠨ ᠳᠤᠷ᠎ᠠ ᠶᠢᠨ ᠦᠶᠯᠡᠴᠢᠯᠡᠭᠡ ᠬᠠᠩᠭᠠᠵᠤ᠂ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠡᠯ᠎ᠡ ᠵᠦᠶᠯ ᠤᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠵᠢᠴᠢ ︽ᠪᠢ ᠣᠯᠠᠨ ᠲᠦᠮᠡᠨ ᠳᠤ ᠪᠣᠳᠠᠲᠤ ᠶᠠᠪᠤᠳᠠᠯ ᠬᠢᠬᠦ︾ ᠠᠵᠢᠯ ᠢ ᠨᠠᠷᠢᠨ ᠨᠢᠮᠪᠠᠶ ᠰᠠᠶᠢᠲᠤᠷ ᠲᠥᠯᠥᠪᠯᠡᠵᠦ᠂ ᠠᠳᠠᠯᠢ ᠪᠤᠰᠤ ᠦᠶᠯᠡᠴᠢᠯᠡᠭᠡᠨ ᠤ ᠬᠠᠮᠲᠤᠯᠢᠭ ᠲᠤ ᠴᠢᠭᠯᠡᠭᠦᠯᠦᠨ᠂ ᠣᠯᠠᠨ ᠶᠠᠩᠵᠤ ᠬᠡᠯᠪᠡᠷᠢ ᠶᠢᠨ᠂ ᠡᠯᠪᠡᠭ ᠪᠠᠶᠠᠯᠢᠭ ᠠᠭᠤᠯᠭ᠎ᠠ ᠲᠠᠢ ᠦᠶᠯᠡᠳᠦᠯᠭᠡ ᠶᠢᠨ ᠠᠵᠢᠯᠯᠠᠭ᠎ᠠ ᠥᠷᠨᠢᠭᠦᠯᠵᠦ᠂ ᠪᠥᠬᠦ ᠪᠠᠯᠭᠠᠰᠤᠨ ᠤ ᠬᠠᠮᠲᠤ ᠪᠠᠷ ᠪᠣᠯᠪᠠᠰᠤᠨ ᠦᠶᠯᠡᠴᠢᠯᠡᠭᠡ ᠳᠤ ᠣᠷᠣᠯᠴᠠᠬᠤ ᠰᠠᠶᠢᠨ ᠰᠠᠶᠢᠬᠠᠨ ᠠᠭᠤᠷ ᠠᠮᠢᠰᠬᠤᠯ ᠢ ᠶᠡᠬᠡᠪᠡᠷ ᠪᠣᠶ ᠪᠣᠯᠭᠠᠵᠤ᠂ ᠠᠷᠠᠳ ᠣᠯᠠᠨ ᠤ ᠬᠦᠷᠲᠡᠮᠵᠢ ᠶᠢᠨ ᠲᠥᠷᠥᠭᠳᠡᠯ ᠪᠠ ᠵᠣᠯ ᠵᠢᠷᠭᠠᠯᠲᠤ ᠲᠥᠷᠥᠭᠳᠡᠯ ᠢ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ ᠬᠡᠪᠡ᠃
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号