ᠬᠤᠰᠢᠭᠤᠨ ᠤ ᠤᠯᠤᠰ ᠲᠥᠷᠥ ᠬᠠᠤᠯᠢ ᠴᠠᠭᠠᠵᠠ ᠶᠢᠨ ᠵᠥᠪᠯᠡᠯ ᠤᠨ ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠤᠯᠠᠭᠠᠨᠮᠦ᠋ᠷᠡᠨ ᠪᠠᠯᠭᠠᠰᠤᠨ ᠤ ᠶᠡᠷᠦᠩᠬᠡᠶᠢᠯᠡᠨ ᠵᠠᠰᠠᠬᠤ ᠭᠤᠤᠯᠳᠠᠯᠭ᠎ᠠ ᠲᠠᠢ ᠠᠵᠢᠯ ᠢ ᠰᠢᠮᠳᠠᠭᠤᠯᠤᠨ ᠪᠠᠶᠢᠴᠠᠭᠠᠪᠠ
ᠨᠡᠶᠢᠲᠡᠯᠡᠭᠰᠡᠨ ᠴᠠᠭ᠄
2021/7/30
       7 ᠰᠠᠷ᠎ᠠ ᠶᠢᠨ 12᠎ ᠤᠨ ᠡᠳᠦᠷ᠂ ᠬᠤᠰᠢᠭᠤ ᠨᠠᠮ ᠤᠨ ᠬᠤᠷᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠳᠡᠳ᠋ ᠱᠦᠵᠢ ᠯᠢ ᠬᠤ᠋ ᠢ ᠤᠯᠠᠭᠠᠨᠮᠦ᠋ᠷᠡᠨ ᠪᠠᠯᠭᠠᠰᠤᠨ ᠳᠤ ᠬᠦᠷᠴᠦ ᠶᠡᠷᠦᠩᠬᠡᠶᠢᠯᠡᠨ ᠵᠠᠰᠠᠬᠤ ᠭᠤᠤᠯᠳᠠᠯᠭ᠎ᠠ ᠲᠠᠢ ᠠᠵᠢᠯ ᠢ ᠱᠠᠯᠠᠪᠳᠠᠭᠤᠯᠤᠨ ᠪᠠᠶᠢᠴᠠᠭᠠᠵᠤ᠂ ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠭᠡᠰᠢᠭᠦᠨ ᠯᠢᠨ ᠯᠦᠩ᠂ ᠤᠯᠤᠰ ᠲᠥᠷᠥ ᠬᠠᠤᠯᠢ ᠴᠠᠭᠠᠵᠠ ᠪᠠ ᠨᠡᠶᠢᠭᠡᠮ ᠤᠨ ᠠᠵᠢᠯ ᠦᠶᠯᠡᠰ ᠤᠨ ᠲᠣᠪᠴᠢᠶᠠᠨ ᠤ ᠪᠠᠶᠢᠩᠭᠤ ᠶᠢᠨ ᠳᠡᠳ᠋ ᠳᠠᠷᠤᠭ᠎ᠠ ᠭᠦᠸᠧ ᠪᠤᠤ ᠭᠠᠩ᠂ ᠤᠯᠤᠰ ᠲᠥᠷᠥ ᠬᠠᠤᠯᠢ ᠴᠠᠭᠠᠵᠠ ᠪᠠ ᠨᠡᠶᠢᠭᠡᠮ ᠤᠨ ᠠᠵᠢᠯ ᠦᠶᠯᠡᠰ ᠤᠨ ᠲᠣᠪᠴᠢᠶᠠᠨ ᠤ ᠳᠡᠳ᠋ ᠳᠠᠷᠤᠭ᠎ᠠ ᠸᠠᠩ ᠬᠠᠶ ᠫᠢᠩ ᠪᠠᠷ᠎ᠠ ᠪᠣᠯᠪᠠ  ᠃      ᠯᠢ ᠬᠤ᠋ ᠢ ᠨᠠᠷ ᠤᠷᠢᠳ ᠬᠤᠵᠢᠳ ᠤᠯᠠᠭᠠᠨᠮᠦ᠋ᠷᠡᠨ ᠪᠠᠯᠭᠠᠰᠤᠨ ᠤ ᠤᠯᠤᠰ ᠲᠥᠷᠥ ᠬᠠᠤᠯᠢ ᠴᠠᠭᠠᠵᠠ ᠪᠠ ᠨᠡᠶᠢᠭᠡᠮ ᠤᠨ ᠠᠵᠢᠯ ᠦᠶᠯᠡᠰ ᠤᠨ ᠲᠣᠪᠴᠢᠶ᠎ᠠ᠂ ᠬᠠᠤᠯᠢ ᠴᠠᠭᠠᠵᠠ ᠶᠢᠨ ᠭᠠᠵᠠᠷ᠂ ᠪᠢᠨ ᠾᠧ ᠵᠠᠮ ᠤᠨ ᠨᠡᠶᠢᠭᠡᠮ ᠲᠣᠭᠤᠷᠢᠭ ᠵᠡᠷᠭᠡ ᠭᠠᠵᠠᠷ ᠲᠤ ᠬᠦᠷᠴᠦ ᠪᠠᠶᠢᠴᠠᠭᠠᠨ ᠰᠤᠳᠤᠯᠤᠯᠲᠠ ᠬᠢᠭᠰᠡᠨ ᠪᠥᠭᠡᠳ ᠶᠡᠷᠦᠩᠬᠡᠶᠢᠯᠡᠨ ᠵᠠᠰᠠᠬᠤ ᠲᠥᠪ ᠎ ᠤᠨ ᠬᠤᠷᠠᠯ ᠤᠨ ᠬᠡᠷ ᠲᠤ ᠤᠯᠠᠭᠠᠨᠮᠦ᠋ᠷᠡᠨ ᠪᠠᠯᠭᠠᠰᠤᠨ ᠤ ᠣᠶᠢᠷ᠎ᠠ ᠶᠢᠨ ᠬᠤᠭᠤᠴᠠᠭᠠᠨ ᠤ ᠶᠡᠷᠦᠩᠬᠡᠶᠢᠯᠡᠨ ᠵᠠᠰᠠᠬᠤ ᠭᠤᠤᠯᠳᠠᠯᠭ᠎ᠠ ᠲᠠᠢ ᠠᠵᠢᠯ ᠤᠨ ᠪᠠᠶᠢᠳᠠᠯ ᠢ ᠰᠣᠨᠣᠰᠪᠠ  ᠃ ᠶᠠᠷᠢᠯᠴᠠᠬᠤ᠂ ᠬᠠᠮᠢᠶ᠎ᠠ ᠪᠥᠬᠦᠶ ᠵᠥᠭᠡᠯᠡᠨ ᠲᠣᠨᠤᠭ ᠤᠨ ᠮᠠᠲ᠋ᠧᠷᠢᠶᠠᠯ ᠢ ᠪᠠᠶᠢᠴᠠᠭᠠᠨ ᠦᠵᠡᠬᠦ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠤᠯᠠᠭᠠᠨᠮᠦ᠋ᠷᠡᠨ ᠪᠠᠯᠭᠠᠰᠤᠨ ᠤ ᠶᠡᠷᠦᠩᠬᠡᠶᠢᠯᠡᠨ ᠵᠠᠰᠠᠬᠤ ᠠᠵᠢᠯ ᠢ ᠥᠷᠨᠢᠭᠦᠯᠦᠭᠰᠡᠨ ᠪᠠᠶᠢᠳᠠᠯ ᠢ ᠨᠠᠷᠢᠨ ᠣᠶᠢᠯᠠᠭᠠᠪᠠ  ᠃      ᠬᠤᠰᠢᠭᠤᠨ ᠤ ᠤᠯᠤᠰ ᠲᠥᠷᠥ ᠬᠠᠤᠯᠢ ᠴᠠᠭᠠᠵᠠ ᠶᠢᠨ ᠵᠥᠪᠯᠡᠯ ᠤᠨ ᠶᠡᠷᠦᠩᠬᠡᠶᠢᠯᠡᠨ ᠵᠠᠰᠠᠬᠤ ᠬᠢᠨᠠᠨ ᠵᠢᠯᠣᠭᠤᠳᠬᠤ ᠲᠠᠰᠤᠭ ᠤᠨ ᠡᠷᠬᠢᠯᠡᠭᠴᠢ ᠸᠠᠩ ᠫᠧᠩ ᠵᠢᠭᠠᠵᠤ ᠭᠠᠷᠭᠠᠬᠤ ᠳᠠᠭᠠᠨ᠂ ᠶᠡᠷᠦᠩᠬᠡᠶᠢᠯᠡᠨ ᠵᠠᠰᠠᠬᠤ ᠭᠤᠤᠯᠳᠠᠯᠭ᠎ᠠ ᠲᠠᠢ ᠠᠵᠢᠯ ᠢ ᠭᠦᠨᠵᠡᠭᠡᠶ ᠳᠥᠯᠭᠢᠨ ᠠᠬᠢᠭᠤᠯᠵᠤ᠂ ᠨᠢᠭᠡ ᠳᠤ ᠶᠡᠷᠦᠩᠬᠡᠶᠢᠯᠡᠨ ᠵᠠᠰᠠᠬᠤ ᠲᠥᠪ ᠤᠨ ᠪᠠᠶᠢᠭᠤᠯᠤᠯᠲᠠ ᠶᠢ ᠴᠢᠩᠭᠠᠳᠬᠠᠵᠤ᠂ ᠴᠠᠩ ᠠᠨ ᠶᠠᠷᠢᠶᠠᠨ ᠤ ᠲᠠᠩᠬᠢᠮ ᠢ ᠪᠠᠶᠢᠭᠤᠯᠵᠤ᠂ ᠰᠡᠳᠬᠢᠴᠡ ᠶᠢᠨ ᠯᠠᠪᠯᠠᠯᠲᠠ ᠎ ᠶᠢᠨ ᠲᠠᠰᠤᠭ ᠢ ᠵᠢᠷᠤᠮᠵᠢᠭᠤᠯᠵᠤ᠂ ᠪᠠᠯᠭᠠᠰᠤ᠂ ᠲᠣᠰᠬᠤᠨ ( ᠨᠡᠶᠢᠭᠡᠮ ᠲᠣᠭᠤᠷᠢᠭ )᠎ ᠤ ᠵᠥᠷᠢᠴᠡᠯ ᠵᠢᠭᠤᠷᠠᠯᠳᠤᠭᠠᠨ ᠎ ᠢ ᠣᠯᠠᠨ ᠡᠰᠢᠵᠢᠭᠦᠯᠦᠨ ᠰᠢᠶᠳᠪᠦᠷᠢᠯᠡᠬᠦ ᠪᠠᠶᠢᠭᠤᠯᠤᠮᠵᠢ ᠪᠠ ᠵᠣᠬᠢᠶᠠᠨ ᠪᠠᠶᠢᠭᠤᠯᠤᠯᠲᠠ ᠶᠢ ᠲᠡᠭᠦᠯᠳᠡᠷᠵᠢᠭᠦᠯᠬᠦ ᠬᠡᠷᠡᠭᠲᠡᠶ  ᠃ ᠬᠤᠶᠠᠷ ᠲᠤ᠂ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢ ᠭᠦᠨᠵᠡᠭᠡᠶ ᠠᠬᠢᠭᠤᠯᠵᠤ᠂ ᠬᠤᠲᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢᠨ ᠲᠤᠷᠰᠢᠯᠲᠠ ᠶᠢ ᠠᠬᠢᠭᠤᠯᠬᠤ ᠪᠠᠷ ᠭᠠᠷᠳᠠᠴᠠ ᠪᠣᠯᠭᠠᠵᠤ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠡᠮᠡᠴᠡᠯ ᠢ ᠪᠠᠶᠢᠩᠭᠤ ᠥᠷᠨᠢᠭᠦᠯᠵᠦ᠂ ᠡᠯ᠎ᠡ ᠲᠥᠷᠥᠯ ᠤᠨ ᠵᠥᠷᠢᠴᠡᠯ ᠵᠢᠭᠤᠷᠠᠯᠳᠤᠭᠠᠨ ᠢ ᠪᠠᠶᠢᠩᠭᠤ ᠵᠢᠭᠰᠠᠭᠠᠨ ᠪᠠᠶᠢᠴᠠᠭᠠᠵᠤ᠂ ᠨᠡᠶᠢᠭᠡᠮ ᠨᠡᠶᠢᠲᠡ ᠶᠢᠨ ᠠᠮᠤᠷ ᠲᠦᠪᠰᠢᠨ ᠢ ᠰᠠᠶᠢᠲᠤᠷ ᠬᠠᠮᠠᠭᠠᠯᠠᠬᠤ ᠬᠡᠷᠡᠭᠲᠡᠶ  ᠃ ᠭᠤᠷᠪᠠ ᠳᠤ᠂ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠎ ᠤ ᠬᠥᠮᠦᠵᠢᠯ ᠴᠡᠭᠴᠡᠯᠡᠯᠲᠡ ᠶᠢ ᠰᠠᠶᠢᠲᠤᠷ ᠠᠳᠬᠤᠬᠤ ᠬᠠᠷᠢᠭᠤᠴᠠᠯᠭᠠᠲᠤ ᠰᠡᠳᠬᠢᠯᠭᠡ ᠪᠣᠯᠤᠨ ᠲᠤᠯᠭᠠᠮ ᠪᠤᠳᠤᠯ ᠢᠶᠠᠨ ᠦᠨᠡᠨ ᠬᠦ ᠴᠢᠩᠭᠠᠳᠬᠠᠵᠤ᠂ ᠦᠵᠡᠯ ᠰᠠᠨᠠᠭᠠᠨ ᠤ ᠲᠠᠯ᠎ᠠ ᠪᠠᠷ ᠲᠠᠬᠢᠨ ᠴᠢᠬᠤᠯᠠᠴᠢᠯᠠᠵᠤ᠂ ᠠᠷᠭ᠎ᠠ ᠬᠡᠮᠵᠢᠶ᠎ᠡ ᠶᠢᠨ ᠲᠠᠯ᠎ᠠ ᠪᠠᠷ ᠲᠠᠬᠢᠨ ᠬᠦᠴᠦᠯᠡᠵᠦ᠂ ᠬᠠᠷᠢᠭᠤᠴᠠᠯᠭ᠎ᠠ ᠶᠢᠨ ᠲᠠᠯ᠎ᠠ ᠪᠠᠷ ᠲᠠᠬᠢᠨ ᠪᠣᠳᠠᠲᠠᠶᠢᠵᠢᠭᠤᠯᠵᠤ᠂ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢᠨ 《 ᠰᠡᠭᠦᠯᠴᠢ ᠶᠢᠨ ᠠᠵᠢᠯ  ︾᠎ ᠢ ᠪᠦᠬᠦ ᠬᠦᠴᠦ ᠎ ᠪᠠᠷ ᠢᠶᠠᠨ ᠰᠠᠶᠢᠲᠤᠷ ᠬᠢᠵᠦ᠂ ᠡᠯ᠎ᠡ ᠵᠦᠢᠯ ᠤᠨ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠴᠢᠨᠠᠷ ᠰᠠᠶᠢᠲᠠᠢ ᠥᠨᠳᠥᠷ ᠪᠠᠷᠢᠮᠵᠢᠶ᠎ᠠ ᠪᠠᠷ ᠪᠡᠶᠡᠯᠡᠭᠦᠯᠬᠦ ᠬᠡᠷᠡᠭᠲᠡᠢ ᠬᠡᠪᠡ  ᠃
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号