ᠤᠯᠠᠭᠠᠨᠮᠦ᠋ᠷᠡᠨ ᠪᠠᠯᠭᠠᠰᠤᠨ ᠤ ᠶᠡᠷᠦᠩᠬᠡᠶᠢᠯᠡᠭᠰᠡᠨ ᠪᠠᠲᠤᠯᠠᠭ᠎ᠠ ᠪᠠ ᠮᠡᠷᠭᠡᠵᠢᠯ ᠳᠡᠯᠭᠡᠷᠡᠭᠦᠯᠬᠦ ᠲᠥᠪ ᠲᠠᠯ᠎ᠠ ᠨᠤᠲᠤᠭ ᠤᠨ ᠣᠶᠢᠲᠤ ᠭᠠᠵᠠᠷ ᠤᠨ ᠬᠠᠤᠯᠢ ᠠᠴᠠ ᠵᠥᠷᠢᠴᠡᠭᠰᠡᠨ ᠵᠢᠷᠤᠭ ᠲᠣᠯᠪᠤ ᠶᠢ ᠬᠠᠷᠭᠤᠭᠤᠯᠤᠨ ᠪᠠᠶᠢᠴᠠᠭᠠᠪᠠ
ᠨᠡᠶᠢᠲᠡᠯᠡᠭᠰᠡᠨ ᠴᠠᠭ᠄
2021/7/30
     ᠨᠤᠲᠤᠭ ᠪᠡᠯᠴᠢᠭᠡᠷ ᠤᠨ ᠣᠶᠢᠲᠤ ᠭᠠᠵᠠᠷ ᠢ ᠡᠪᠳᠡᠭᠰᠡᠨ ᠬᠠᠤᠯᠢ ᠲᠣᠭᠲᠠᠭᠠᠯ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠨᠤᠲᠤᠭ ᠪᠡᠯᠴᠢᠭᠡᠷ ᠤᠨ ᠣᠶᠢᠲᠤ ᠭᠠᠵᠠᠷ ᠤᠨ ᠡᠬᠢ ᠪᠠᠶᠠᠯᠢᠭ ᠤᠨ ᠬᠠᠮᠢᠶᠠᠷᠤᠯᠲᠠ ᠶᠢ ᠴᠢᠩᠭᠠᠳᠬᠠᠨ᠂ ᠬᠠᠤᠯᠢ ᠪᠤᠰᠤ ᠎ ᠪᠠᠷ ᠨᠤᠲᠤᠭ ᠪᠡᠯᠴᠢᠭᠡᠷ ᠤᠨ ᠣᠶᠢᠲᠤ ᠭᠠᠵᠠᠷ ᠢ ᠬᠡᠷᠡᠭᠯᠡᠭᠰᠡᠨ ᠢ ᠪᠠᠶᠢᠴᠠᠭᠠᠨ ᠰᠢᠶᠳᠪᠦᠷᠢᠯᠡᠬᠦ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠬᠤ ᠶᠢᠨ ᠲᠥᠯᠥᠭᠡ᠂ 4 ᠰᠠᠷ᠎ᠠ ᠠᠴᠠ ᠡᠬᠢᠯᠡᠨ᠂ ᠪᠠᠯᠭᠠᠰᠤᠨ ᠤ ᠶᠡᠷᠦᠩᠬᠡᠶᠢᠯᠡᠭᠰᠡᠨ ᠪᠠᠲᠤᠯᠠᠭ᠎ᠠ ᠪᠠ ᠮᠡᠷᠭᠡᠵᠢᠯ ᠳᠡᠯᠭᠡᠷᠡᠭᠦᠯᠬᠦ ᠲᠥᠪ ᠠᠴᠠ ᠡᠵᠡᠨ ᠬᠤᠷᠤᠭ᠎ᠠ ᠬᠤᠰᠢᠭᠤᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠰᠢᠯᠵᠢᠭᠦᠯᠦᠨ ᠲᠤᠰᠢᠶᠠᠭᠰᠠᠨ ᠣᠶ ᠰᠢᠭᠤᠶ ᠨᠤᠲᠤᠭ ᠪᠡᠯᠴᠢᠭᠡᠷ ᠤᠨ ᠬᠠᠤᠯᠢ ᠲᠣᠭᠲᠠᠭᠠᠯ ᠠᠴᠠ ᠵᠥᠷᠢᠴᠡᠭᠰᠡᠨ ᠪᠣᠷᠣ ᠵᠢᠷᠤᠭ ᠢ ᠬᠠᠷᠭᠤᠭᠤᠯᠤᠨ ᠪᠠᠶᠢᠴᠠᠭᠠᠬᠤ ᠠᠵᠢᠯ ᠢ ᠥᠷᠨᠢᠭᠦᠯᠪᠡ᠃      ᠪᠠᠯᠭᠠᠰᠤᠨ ᠤ ᠶᠡᠷᠦᠩᠬᠡᠶᠢᠯᠡᠭᠰᠡᠨ ᠪᠠᠲᠤᠯᠠᠭ᠎ᠠ ᠪᠠ ᠮᠡᠷᠭᠡᠵᠢᠯ ᠳᠡᠯᠭᠡᠷᠡᠭᠦᠯᠬᠦ ᠲᠥᠪ ᠤᠨ ᠪᠥᠬᠦ ᠠᠵᠢᠯᠲᠠᠨ ᠬᠠᠷᠭᠤᠭᠤᠯᠤᠨ ᠪᠠᠶᠢᠴᠠᠭᠠᠬᠤ ᠠᠵᠢᠯ ᠳᠤ ᠣᠷᠣᠯᠴᠠᠵᠤ᠂ ᠰᠡᠵᠢᠭᠯᠡᠯᠳᠠᠢ ᠵᠢᠷᠤᠭ ᠪᠠ ᠲᠣᠯᠪᠤ ᠶᠢ ᠲᠤᠬᠠᠶ ᠶᠢᠨ ᠭᠠᠵᠠᠷ ᠎ ᠲᠤᠨᠢ ᠬᠠᠷᠭᠤᠭᠤᠯᠤᠨ ᠪᠠᠶᠢᠴᠠᠭᠠᠵᠤ᠂ ᠬᠠᠷᠭᠤᠭᠤᠯᠤᠨ ᠪᠠᠶᠢᠴᠠᠭᠠᠬᠤ ᠠᠵᠢᠯᠲᠠᠨ ᠡᠯ᠎ᠡ ᠠᠭᠤᠯᠠᠨ ᠣᠷᠣᠶ ᠶᠢᠨ ᠭᠠᠵᠠᠷ ᠎ ᠲᠤ ᠭᠦᠨᠵᠡᠭᠡᠶᠢᠷᠡᠨ᠂ GPS᠎ ᠢᠶᠠᠷ ᠴᠡᠭ ᠲᠣᠭᠲᠠᠭᠠᠨ ᠨᠤᠲᠠᠯᠠᠵᠤ᠂ ᠵᠢᠷᠤᠭ ᠪᠠ ᠲᠣᠯᠪᠤ ᠨᠢᠭᠡᠪᠦᠷᠢ ᠶᠢ ᠨᠠᠷᠢᠨ ᠬᠢᠨᠠᠮᠠᠭᠠᠶ ᠬᠠᠷᠭᠤᠭᠤᠯᠤᠨ ᠪᠠᠶᠢᠴᠠᠭᠠᠪᠠ᠃     ᠬᠠᠷᠭᠤᠭᠤᠯᠤᠨ ᠪᠠᠶᠢᠴᠠᠭᠠᠬᠤ ᠠᠵᠢᠯ ᠤᠨ ᠳᠤᠮᠳᠠ᠂ ᠬᠠᠷᠭᠤᠭᠤᠯᠤᠨ ᠪᠠᠶᠢᠴᠠᠭᠠᠬᠤ ᠴᠢᠬᠤᠯᠠᠲᠠᠶ ᠰᠡᠵᠢᠭᠯᠡᠯᠳᠠᠢ ᠵᠢᠷᠤᠭ ᠲᠣᠯᠪᠤ ᠶᠢᠨ ᠲᠤᠭ᠎ᠠ ᠬᠡᠮᠵᠢᠶ᠎ᠡ ᠣᠯᠠᠨ᠂ ᠬᠦᠴᠢᠷ ᠤᠨ ᠬᠡᠮᠵᠢᠶ᠎ᠡ ᠶᠡᠭᠡ ᠵᠡᠷᠭᠡ ᠪᠣᠳᠠᠲᠤ ᠠᠰᠠᠭᠤᠳᠠᠯ ᠳᠤ ᠴᠢᠭᠯᠡᠭᠦᠯᠦᠨ᠂ ᠬᠠᠷᠭᠤᠭᠤᠯᠤᠨ ᠪᠠᠶᠢᠴᠠᠭᠠᠬᠤ ᠠᠵᠢᠯ ᠢ ᠳᠤᠭᠤᠶᠢᠯᠠᠩ ᠬᠤᠪᠢᠶᠠᠨ ᠶᠠᠪᠤᠭᠳᠠᠭᠤᠯᠵᠤ᠂ ᠬᠠᠷᠭᠤᠭᠤᠯᠤᠨ ᠪᠠᠶᠢᠴᠠᠭᠠᠬᠤ ᠠᠵᠢᠯᠲᠠᠨ ᠭᠠᠷᠠᠭ ᠤᠨ ᠰᠡᠭᠦᠯᠴᠢ ᠶᠢᠨ ᠠᠮᠠᠷᠠᠯᠲᠠ ᠶᠢᠨ ᠴᠠᠭ ᠢ ᠠᠰᠢᠭᠯᠠᠨ ᠴᠠᠭ ᠨᠡᠮᠡᠵᠦ ᠠᠵᠢᠯᠯᠠᠨ᠂ ᠳᠠᠭᠠᠭᠤᠯᠢ ᠣᠳᠣᠨ ᠤ ᠵᠢᠷᠤᠭ ᠲᠣᠯᠪᠤ ᠶᠢ ᠨᠠᠷᠢᠨ ᠬᠢᠨᠠᠮᠠᠭᠠᠶ ᠬᠠᠷᠭᠤᠭᠤᠯᠵᠤ᠂ ᠭᠠᠵᠠᠷ ᠳᠠᠷᠠᠭᠠᠯᠠᠨ ᠲᠤᠬᠠᠶ ᠶᠢᠨ ᠲᠠᠯᠠᠪᠠᠶ ᠳᠤ ᠬᠠᠷᠭᠤᠭᠤᠯᠤᠨ ᠪᠠᠶᠢᠴᠠᠭᠠᠵᠤ᠂ ᠬᠠᠷᠭᠤᠭᠤᠯᠤᠨ ᠪᠠᠶᠢᠴᠠᠭᠠᠬᠤ ᠶᠢ ᠪᠣᠳᠠᠲᠠᠶᠢᠵᠢᠭᠤᠯᠬᠤ ᠶᠢ ᠦᠨᠡᠨ ᠬᠦ ᠪᠠᠲᠤᠯᠠᠨ᠂ ᠲᠤᠰᠬᠠᠶ ᠠᠵᠢᠯᠯᠠᠭ᠎ᠠ ᠶᠢᠨ ᠪᠣᠳᠠᠲᠤ ᠦᠷ᠎ᠡ ᠪᠦᠲᠦᠮᠵᠢ ᠣᠯᠵᠤ᠂ ᠲᠤᠰᠬᠠᠶ ᠴᠡᠭᠴᠡᠯᠡᠨ ᠵᠠᠰᠠᠬᠤ ᠠᠵᠢᠯ ᠎ ᠤᠨ ᠦᠨᠡᠨ ᠪᠣᠳᠠᠲᠠᠶ ᠠᠬᠢᠴᠠ ᠲᠠᠢ ᠪᠣᠯᠬᠤ ᠶᠢ ᠠᠬᠢᠭᠤᠯᠪᠠ  ᠃      ᠣᠳᠣᠬᠠᠨ ᠳᠤ᠂ ᠵᠢᠷᠤᠭ ᠲᠣᠯᠪᠤ ᠶᠢ ᠬᠠᠷᠭᠤᠭᠤᠯᠤᠨ ᠪᠠᠶᠢᠴᠠᠭᠠᠬᠤ ᠠᠵᠢᠯ ᠢ ᠮᠥᠨ ᠬᠦ ᠡᠮᠬᠢ ᠵᠢᠷᠤᠮ ᠲᠠᠢ ᠪᠦᠲᠦᠮᠵᠢᠲᠡᠶ ᠥᠷᠨᠢᠭᠦᠯᠵᠦ ᠪᠠᠶᠢᠨ᠎ᠠ  ᠃
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号