ᠦᠨᠡᠨ ᠰᠡᠳᠬᠢᠯ ᠢᠶᠠᠷ ᠢᠶᠠᠨ ︽ᠵᠢᠩᠬᠢᠨᠢ ᠠᠵᠢᠯᠯᠠᠭ᠎ᠠ︾᠎ ᠶᠢ ᠰᠣᠯᠢᠵᠤ᠂ ᠬᠤᠨᠢᠴᠢᠨ ᠭᠤᠤᠯ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠭᠠᠵᠠᠷ ᠲᠠᠷᠢᠶᠠᠴᠢᠳ ᠤᠨ ᠵᠠᠭᠠᠯᠳᠤᠯᠭ᠎ᠠ ᠶᠢ ᠵᠠᠯᠭᠠᠭ᠎ᠠ ᠪᠠᠷ ᠰᠢᠶᠳᠪᠦᠷᠢᠯᠡᠵᠦ ᠬᠠᠯᠠᠭᠤᠨ ᠬᠦᠷᠢᠶᠡᠯᠡᠯ ᠤᠯᠪᠠ
ᠨᠡᠶᠢᠲᠡᠯᠡᠭᠰᠡᠨ ᠴᠠᠭ᠄
2021/7/30
     ᠣᠶᠢᠷ᠎ᠠ ᠳᠤ᠂ ᠬᠤᠨᠢᠴᠢᠨ ᠭᠤᠤᠯ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠭᠠᠵᠠᠷ ᠨᠢ ᠬᠤᠰᠢᠭᠤᠨ ᠤ ᠲᠣᠪᠴᠢᠶ᠎ᠠ ᠶᠢᠨ 12315 ᠵᠠᠭᠠᠯᠳᠤᠯᠭ᠎ᠠ ᠢᠯᠡᠴᠢᠯᠡᠨ ᠮᠡᠳᠡᠭᠦᠯᠦᠯᠲᠡ ᠶᠢᠨ ᠲᠥᠪ ᠤᠨ ᠰᠢᠯᠵᠢᠭᠦᠯᠦᠨ ᠰᠢᠶᠳᠪᠦᠷᠢᠯᠡᠭᠦᠯᠦᠭᠰᠡᠨ ᠽᠠᠩ ᠣᠪᠣᠭᠲᠤ ᠵᠡᠷᠭᠡ ᠬᠥᠮᠦᠰ ᠤᠨ ᠵᠠᠭᠠᠯᠳᠤᠯᠭ᠎ᠠ ᠶᠢ ᠭᠥᠯᠢᠶᠡᠨ ᠠᠪᠴᠤ᠂ ᠲᠡᠭᠦᠨ ᠤ ᠬᠤᠳᠠᠯᠳᠤᠨ ᠠᠪᠤᠭᠰᠠᠨ ᠳᠤᠰᠤᠯᠭᠠᠨ ᠤᠰᠤᠯᠠᠯᠲᠠ ᠶᠢᠨ ᠪᠦᠰᠡ ᠶᠢ ᠬᠡᠪ ᠢᠶᠠᠷ ᠬᠡᠷᠡᠭᠯᠡᠵᠦ ᠳᠡᠶᠢᠯᠬᠦ ᠥᠬᠡᠶ ᠪᠣᠯᠵᠣ᠂ ᠡᠷᠳᠡᠨᠢ ᠰᠢᠰᠢ ᠶᠢᠨ ᠲᠠᠷᠢᠶᠠᠨ ᠤ ᠬᠡᠪ ᠤᠨ ᠤᠰᠤᠯᠠᠯᠲᠠ ᠶᠢ ᠨᠥᠯᠥᠭᠡᠯᠡᠵᠦ᠂ ᠬᠠᠪᠰᠤᠷᠤᠯᠭ᠎ᠠ ᠣᠯᠵᠤ ᠠᠰᠠᠭᠤᠳᠠᠯ ᠢ ᠰᠢᠶᠳᠪᠦᠷᠢᠯᠡᠬᠦ ᠶᠢ ᠬᠦᠰᠡᠵᠦ᠂ ᠲᠠᠷᠢᠶᠠᠴᠢᠳ ᠤᠨ ᠡᠷᠬᠡ ᠠᠰᠢᠭ ᠲᠠᠢ ᠬᠤᠯᠪᠣᠭᠳᠠᠵᠤ  ᠂ ᠵᠠᠭᠠᠯᠳᠤᠯᠭ᠎ᠠ ᠶᠢ ᠭᠥᠯᠢᠶᠡᠨ ᠠᠪᠤᠭᠰᠠᠨ ᠤ ᠳᠠᠷᠠᠭ᠎ᠠ᠂ ᠬᠠᠤᠯᠢ ᠬᠡᠷᠡᠭᠵᠢᠭᠦᠯᠬᠦ ᠠᠵᠢᠯᠲᠠᠨ ᠲᠡᠷᠡ ᠳᠠᠷᠤᠶ ᠳᠤᠨᠢ ᠲᠤᠬᠠᠶ ᠶᠢᠨ ᠲᠠᠯᠠᠪᠠᠶ ᠳᠤ ᠭᠦᠨᠵᠡᠭᠡᠶᠢᠷᠡᠨ ᠲᠤᠬᠠᠶ ᠶᠢᠨ ᠭᠠᠵᠠᠷ ᠲᠤᠨᠢ ᠬᠠᠷᠭᠤᠭᠤᠯᠤᠨ ᠪᠠᠶᠢᠴᠠᠭᠠᠪᠠ  ᠃      ᠬᠠᠤᠯᠢ ᠬᠡᠷᠡᠭᠵᠢᠭᠦᠯᠬᠦ ᠠᠵᠢᠯᠲᠠᠨ ᠡᠩ ᠲᠡᠷᠢᠭᠦᠨ ᠳᠤ ᠵᠠᠭᠠᠯᠳᠤᠭᠳᠠᠭᠰᠠᠨ ᠭᠠᠵᠠᠷ ᠲᠤ ᠬᠦᠷᠴᠦ ᠳᠤᠰᠤᠯᠭᠠᠨ ᠤᠰᠤᠯᠠᠬᠤ ᠪᠦᠰᠡ ᠶᠢᠨ ᠭᠡᠮᠲᠦᠯ ᠤᠨ ᠪᠠᠶᠢᠳᠠᠯ ᠢ ᠪᠠᠶᠢᠴᠠᠭᠠᠨ ᠦᠵᠡᠵᠦ᠂ ᠬᠤᠬᠢᠷᠠᠯ ᠤᠨ ᠲᠤᠭ᠎ᠠ ᠬᠡᠮᠵᠢᠶ᠎ᠡ ᠶᠢ ᠪᠦᠷᠢᠳᠬᠡᠬᠦ ᠶᠢᠨ ᠬᠠᠮᠲᠤ᠂ ᠠᠳᠠᠯᠢ ᠪᠦᠯᠦᠭ ᠤᠨ ᠦᠶᠯᠡᠳᠬᠦᠨ ᠤ ᠪᠤᠰᠤᠳ ᠭᠠᠵᠠᠷ ᠤᠨ ᠬᠡᠷᠡᠭᠯᠡᠯᠲᠡ ᠶᠢᠨ ᠪᠠᠶᠢᠳᠠᠯ ᠎ ᠢ ᠪᠠᠶᠢᠴᠠᠭᠠᠨ ᠣᠶᠢᠯᠠᠭᠠᠵᠤ᠂ ᠣᠯᠠᠨ ᠲᠠᠯ᠎ᠠ ᠠᠴᠠ ᠣᠶᠢᠯᠠᠭᠠᠭᠰᠠᠨ ᠤ ᠳᠠᠷᠠᠭ᠎ᠠ᠂ ᠵᠠᠭᠠᠯᠳᠤᠭᠳᠠᠭᠰᠠᠨ ᠳᠤᠰᠤᠯᠭᠠᠨ ᠤᠰᠤᠯᠠᠬᠤ ᠪᠦᠰᠡ ᠶᠢ ᠦᠶᠯᠡᠳᠪᠦᠷᠢ ᠶᠢᠨ ᠬᠡᠷᠡᠭᠯᠡᠬᠦ ᠲᠣᠳᠣᠷᠬᠠᠶᠢᠯᠠᠯᠲᠠ ᠶᠣᠰᠣᠭᠠᠷ ᠳᠡᠪᠢᠰᠦᠭᠰᠡᠨ ᠥᠬᠡᠶ ᠪᠥᠭᠡᠳ ᠲᠣᠰ ᠪᠦᠯᠦᠭ ᠦᠶᠯᠡᠳᠬᠦᠨ ᠢ ᠪᠦᠬᠦᠨ ᠢ ᠠᠰᠢᠭᠯᠠᠯᠲᠠ ᠳᠤ ᠣᠷᠣᠭᠤᠯᠤᠭᠰᠠᠨ ᠠᠴᠠ ᠪᠣᠯᠵᠣ᠂ ᠶᠠᠰᠤ ᠴᠢᠨᠠᠷ ᠤᠨ ᠬᠢᠨᠠᠨ ᠲᠣᠭᠲᠠᠭᠠᠯᠲᠠ ᠬᠢᠵᠦ ᠴᠢᠳᠠᠬᠤ ᠥᠬᠡᠶ ᠪᠣᠯᠵᠣ᠂ ᠦᠶᠯᠡᠳᠬᠦᠨ ᠤ ᠶᠠᠰᠤ ᠴᠢᠨᠠᠷ ᠤᠨ ᠠᠩᠬᠠᠨ ᠤ ᠪᠠᠶᠢᠳᠠᠯ ᠢ ᠨᠡᠬᠡᠮᠵᠢᠯᠡᠬᠦ ᠶᠢᠨ ᠠᠷᠭ᠎ᠠ ᠥᠬᠡᠶ ᠪᠣᠯᠵᠠᠶ  ᠃ ᠬᠠᠤᠯᠢ ᠬᠡᠷᠡᠭᠵᠢᠭᠦᠯᠬᠦ ᠠᠵᠢᠯᠲᠠᠨ ᠬᠤᠶᠠᠷ ᠲᠠᠯ᠎ᠠ ᠳᠤ ᠡᠶᠡᠳᠡᠭᠦᠯᠭᠡ ᠬᠢᠵᠦ᠂ ᠦᠢᠯᠡᠳᠪᠦᠷᠢ ᠠᠴᠠ ᠬᠠᠮᠠᠭᠠᠯᠠᠬᠤ ᠨᠡᠷ᠎ᠡ ᠬᠦᠨᠳᠦ ᠵᠢᠴᠢ ᠬᠡᠷᠡᠭᠯᠡᠭᠴᠢ ᠶᠢᠨ ᠲᠠᠯ᠎ᠠ ᠠᠴᠠ ᠵᠠᠭᠠᠯᠳᠤᠭᠴᠢ ᠳᠤ ᠨᠢᠭᠡ ᠯᠡ ᠤᠳᠠᠭ᠎ᠠ ᠳᠡᠭᠡᠷ᠎ᠡ 3400 ᠲᠥᠭᠦᠷᠢᠭ ᠤᠨ ᠨᠥᠬᠦᠪᠥᠷᠢ ᠥᠭᠬᠦ ᠶᠢ ᠱᠠᠭᠠᠷᠳᠠᠭᠰᠠᠨ ᠤ ᠬᠠᠮᠲᠤ᠂ ᠲᠠᠷᠢᠶᠠᠴᠢᠳ ᠲᠤ ᠪᠠᠰᠠ ᠨᠢᠭᠡ ᠤᠳᠠᠭ᠎ᠠ ᠳᠤᠰᠤᠯᠭᠠᠨ ᠤᠰᠤᠯᠠᠬᠤ ᠪᠦᠰᠡ ᠶᠢ ᠵᠥᠪ ᠬᠡᠷᠡᠭᠯᠡᠬᠦ ᠪᠣᠯᠪᠠᠰᠤᠷᠠᠯ ᠬᠢᠪᠡ  ᠃ ᠣᠯᠠᠨᠲᠠ ᠡᠶᠡᠳᠡᠭᠦᠯᠬᠦ ᠪᠠᠷ ᠲᠠᠮᠵᠢᠨ᠂ ᠬᠤᠶᠠᠷ ᠲᠠᠯ᠎ᠠ ᠪᠠᠷ ᠢᠶᠠᠨ ᠡᠶᠡᠳᠡᠭᠦᠯᠭᠡ ᠶᠢᠨ ᠦᠷ᠎ᠡ ᠳ᠋ᠦᠩ ᠤᠨ ᠲᠤᠬᠠᠢ ᠰᠠᠨᠠᠯ ᠨᠢᠭᠡᠳᠴᠦ᠂ ᠬᠤᠶᠠᠷ ᠲᠠᠯ᠎ᠠ ᠶᠢᠨ ᠵᠠᠭᠤᠷᠠᠯᠳᠤᠭᠠᠨ ᠢ ᠲᠡᠭᠦᠰ ᠠᠮᠵᠢᠯᠲᠠ ᠲᠠᠢ ᠰᠢᠢᠳᠪᠦᠷᠢᠯᠡᠪᠡ  ᠃ ᠲᠠᠷᠠᠭ᠎ᠠ ᠎ ᠨᠢ᠂ ᠬᠡᠷᠡᠭᠯᠡᠭᠴᠢᠳ ᠠᠴᠠ ᠬᠤᠨᠢᠴᠢᠨ ᠭᠤᠣᠯ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠳᠤ ᠲᠠᠯᠠᠷᠬᠠᠵᠤ ᠪᠠᠶᠢᠬᠤ ᠪᠠᠨ ᠢᠯᠡᠳᠬᠡᠬᠦ ᠶᠢᠨ ᠲᠥᠯᠥᠭᠡ᠂ ︽ᠦᠨᠡᠨᠴᠢ ᠪᠠᠷ ᠦᠢᠯᠡᠴᠢᠯᠡᠵᠦ ᠤᠯᠠᠨ ᠲᠦᠮᠡᠨ ᠳᠤ ᠴᠢᠩᠭ᠎ᠠ ᠬᠢᠨᠠᠯᠲᠠ ᠲᠠᠯᠪᠢᠵᠤ ᠬᠥᠭᠵᠢᠯᠲᠡ ᠶᠢ ᠠᠬᠢᠭᠤᠯᠪᠠ  ︾ ᠭᠡᠰᠡᠨ ᠬᠡᠮᠡᠷᠯᠢᠭ ᠲᠤᠭ ᠬᠦᠷᠭᠡᠪᠡ᠂ ᠬᠡᠷᠡᠭᠯᠡᠭᠴᠢᠳ  ᠄ 《 ᠡᠨᠡᠬᠦ ᠵᠥᠷᠢᠴᠡᠯ ᠢ ᠡᠶᠡᠳᠡᠭᠦᠯᠬᠦ ᠶᠢᠨ ᠲᠥᠯᠥᠭᠡ᠂ ᠲᠠ ᠨᠠᠷ ᠤᠷᠢᠳ ᠬᠤᠵᠢᠳ 〈 ᠳᠡᠩᠰᠡᠯᠭᠡᠵᠦ 〉᠂ ᠡᠴᠦᠰ ᠲᠡᠭᠡᠨ ᠤᠴᠢᠷ ᠶᠠᠪᠤᠳᠠᠯ ᠤᠷᠤᠭᠰᠢᠲᠠᠢ ᠰᠢᠢᠳᠪᠦᠷᠢᠯᠡᠭᠳᠡᠵᠤ᠂ ᠲᠠ ᠨᠠᠷ ᠨᠠᠷᠢᠨ ᠬᠢᠨᠠᠮᠠᠭᠠᠢ ᠬᠠᠷᠢᠭᠤᠴᠠᠵᠤ᠂ ᠬᠡᠷᠡᠭᠯᠡᠭᠴᠢᠳ ᠎ ᠤᠨ ᠠᠰᠢᠭ ᠲᠤᠰᠠ ᠶᠢ ᠬᠠᠮᠠᠭᠠᠯᠠᠬᠤ ᠠᠵᠢᠯ ᠬᠢᠬᠦ ᠣᠪᠣᠷ ᠢ ᠰᠢᠢᠳᠪᠦᠷᠢᠯᠡᠭᠰᠡᠨ ᠳᠤ ᠪᠢ ᠮᠠᠰᠢ ᠰᠡᠳᠬᠢᠯ ᠬᠥᠳᠡᠯᠵᠦ ᠪᠠᠶᠢᠨ᠎ᠠ  ᠃ ᠬᠤᠨᠢᠴᠢᠨ ᠭᠤᠤᠯ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠪᠤᠷᠢ ᠢᠮᠠᠭᠲᠠ ᠬᠠᠮᠤᠭ ᠤᠨ ᠥᠷᠭᠡᠨ ᠣᠯᠠᠨ ᠬᠡᠷᠡᠭᠯᠡᠭᠴᠢᠳ ᠤᠨ ᠠᠰᠢᠭ ᠲᠤᠰᠠ ᠶᠢ ᠬᠠᠮᠠᠭᠠᠯᠠᠬᠤ ᠶᠢ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠵᠣᠷᠢᠯᠲᠠ ᠪᠠ ᠵᠤᠭᠰᠤᠴᠠ ᠪᠠᠨ ᠪᠣᠯᠭᠠᠵᠤ᠂ ᠡᠭᠦᠷᠭᠡ ᠬᠠᠷᠢᠭᠤᠴᠠᠯᠭ᠎ᠠ ᠪᠠᠨ ᠭᠦᠶᠴᠡᠳᠬᠡᠨ᠂ ᠡᠭᠦᠷᠭᠡ ᠬᠠᠷᠢᠭᠤᠴᠠᠯᠭ᠎ᠠ ᠪᠠᠨ ᠬᠢᠴᠢᠶᠡᠩᠭᠦᠶᠢᠯᠡᠨ ᠭᠦᠶᠴᠡᠳᠬᠡᠵᠦ᠂ ᠵᠠᠭᠠᠯᠳᠤᠯᠭ᠎ᠠ ᠢᠯᠡᠴᠢᠯᠡᠨ ᠮᠡᠳᠡᠭᠦᠯᠦᠯᠲᠡ ᠶᠢ ᠰᠢᠶᠳᠪᠦᠷᠢᠯᠡᠭᠰᠡᠨ ᠨᠣᠷᠮ᠎ᠠ 95 %᠎ ᠠᠴᠠ ᠳᠡᠭᠡᠭᠰᠢ ᠳᠤ ᠬᠦᠷᠴᠦ᠂ ᠬᠡᠷᠡᠭᠯᠡᠭᠴᠢᠳ ᠤᠨ ᠬᠠᠨᠤᠮᠵᠢ ᠶᠢᠨ ᠨᠣᠷᠮ᠎ᠠ 100 %᠎ ᠳᠤ ᠬᠦᠷᠴᠡᠶ  ᠃
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号