ᠵᠠᠰᠠᠭ ᠪᠠᠯᠭᠠᠰᠤ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠶᠢᠨ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/7/30
     ᠬᠢᠵᠢᠭ ᠬᠠᠯᠳᠠᠪᠤᠷᠢᠯᠠᠨ ᠳᠡᠯᠭᠡᠷᠡᠬᠦ ᠶᠢ ᠬᠢᠵᠠᠭᠠᠷᠯᠠᠵᠤ᠂ ᠬᠠᠯᠳᠠᠪᠤᠷᠢᠯᠠᠬᠤ ᠠᠶᠤᠯ ᠲᠦᠭᠰᠢᠭᠦᠷᠢ ᠶᠢ ᠪᠠᠭᠠᠰᠬᠠᠬᠤ ᠎ ᠶᠢᠨ ᠲᠥᠯᠥᠭᠡ᠂ 7 ᠰᠠᠷ᠎ᠠ ᠶᠢᠨ 13᠎ ᠤ ᠡᠳᠦᠷ᠂ ᠵᠠᠰᠠᠭ ᠪᠠᠯᠭᠠᠰᠤ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠶᠢᠨ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ  ᠃ ᠡᠯ᠎ᠡ ᠭᠠᠴᠠᠭ᠎ᠠ ᠲᠣᠰᠬᠤᠨ᠂ ᠨᠡᠶᠢᠭᠡᠮ ᠲᠣᠭᠤᠷᠢᠭ ᠤᠨ ᠱᠦᠵᠢ᠂ ᠪᠠᠯᠭᠠᠰᠤᠨ ᠳᠤ ᠰᠠᠭᠤᠭ᠎ᠠ ᠡᠯ᠎ᠡ ᠬᠤᠶᠠᠳᠤᠭᠠᠷ ᠳᠡᠰ ᠤᠨ ᠨᠢᠭᠡᠴᠡ ᠵᠢᠴᠢ ᠠᠵᠤ ᠠᠬᠤᠶᠢᠯᠠᠯ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠤ᠂ ᠪᠠᠯᠭᠠᠰᠤᠨ ᠤ ᠵᠠᠰᠠᠭ ᠵᠠᠬᠢᠷᠭᠠᠨ ᠤ ᠪᠠᠶᠢᠭᠤᠯᠤᠮᠵᠢ ᠎ ᠶᠢᠨ ᠬᠠᠷᠢᠭᠤᠴᠠᠯᠭᠠᠲᠠᠨ ᠯᠢᠦ ᠵᠢᠶᠦ᠋ᠨ ᠬᠤᠷᠠᠯ ᠢ ᠡᠷᠭᠢᠯᠡᠵᠦ᠂ ᠬᠤᠷᠠᠯ ᠳᠡᠭᠡᠷ᠎ᠡ ᠯᠢᠦ ᠵᠢᠶᠦ᠋ᠨ ᠵᠠᠰᠠᠭ ᠪᠠᠯᠭᠠᠰᠤ ᠶᠢᠨ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠬᠢᠬᠦ ᠠᠵᠢᠯ ᠳᠤ ᠴᠢᠭᠯᠡᠭᠦᠯᠦᠨ᠄    ᠨᠢᠭᠡ ᠳᠤ ᠲᠠᠷᠢᠬᠤ ᠬᠥᠮᠦᠨ ᠤ ᠲᠤᠭ᠎ᠠ ᠶᠢ ᠪᠦᠷᠢᠳᠬᠡᠬᠦ᠂ ᠣᠶᠢᠯᠭᠠᠨ ᠵᠢᠭᠰᠠᠭᠠᠬᠤ ᠠᠵᠢᠯ ᠢ ᠣᠨᠣᠪᠴᠢᠲᠠᠶ ᠰᠠᠶᠢᠲᠤᠷ ᠬᠢᠬᠦ ᠬᠡᠷᠡᠭᠲᠡᠶ  ᠃ ᠥᠪᠡᠷᠲᠡᠭᠡᠨ ᠵᠠᠰᠠᠬᠤ ᠣᠷᠣᠨ᠂ ᠬᠤᠲᠠ᠂ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠱᠠᠭᠠᠷᠳᠠᠯᠭ᠎ᠠ ᠶᠣᠰᠣᠭᠠᠷ᠂ ᠮᠠᠨ ᠤ ᠪᠠᠯᠭᠠᠰᠤ 7 ᠰᠠᠷ᠎ᠠ ᠶᠢᠨ ᠰᠡᠭᠦᠯᠴᠢ ᠠᠴᠠ ᠡᠮᠦᠨ᠎ᠡ ᠨᠢᠭᠡᠳᠦᠭᠡᠷ ᠲᠠᠷᠢᠯᠭ᠎ᠠ ᠶᠢᠨ ᠡᠭᠦᠷᠭᠡ ᠪᠠᠨ ᠪᠡᠶᠡᠯᠡᠭᠦᠯᠬᠦ ᠬᠡᠷᠡᠭᠲᠡᠶ  ᠃ ᠲᠣᠰ ᠡᠳᠦᠷ ᠠᠴᠠ ᠡᠬᠢᠯᠡᠨ᠂ ᠡᠯ᠎ᠡ ᠰᠠᠯᠠᠭ᠎ᠠ ᠮᠥᠴᠢᠷ᠂ ᠡᠯ᠎ᠡ ᠨᠢᠭᠡᠴᠡ᠂ ᠡᠯ᠎ᠡ ᠭᠠᠴᠠᠭ᠎ᠠ ᠲᠣᠰᠬᠤᠨ ᠳᠠᠷᠤᠶ ᠲᠦᠷᠭᠡᠨ ᠬᠥᠮᠦᠨ ᠵᠣᠬᠢᠶᠠᠨ ᠪᠠᠶᠢᠭᠤᠯᠵᠤ ᠲᠣᠰ ᠬᠠᠷᠢᠶ᠎ᠠ ᠣᠷᠣᠨ᠂ ᠲᠣᠰ ᠠᠵᠢᠯ ᠲᠥᠷᠥᠯ ᠤᠨ ᠬᠦᠷᠢᠶᠡᠨ ᠳᠠᠬᠢ ᠲᠠᠷᠢᠯᠭ᠎ᠠ ᠬᠢᠬᠦ ᠶᠣᠰᠣᠲᠠᠶ ᠪᠠᠶᠢᠲᠠᠯ᠎ᠠ ᠲᠠᠷᠢᠯᠭ᠎ᠠ ᠬᠢᠭᠰᠡᠨ ᠥᠬᠡᠶ ᠬᠥᠮᠦᠨ ᠤ ᠲᠤᠭ᠎ᠠ ᠶᠢ ᠪᠦᠷᠢᠳᠬᠡᠵᠦ᠂ ᠵᠠᠷᠴᠢᠮ ᠳᠡᠭᠡᠷ᠎ᠡ ᠪᠠᠨ ᠣᠨᠴᠠᠭᠠᠶ ᠪᠠᠶᠢᠳᠠᠯ ᠥᠬᠡᠶ 18 ᠨᠠᠰᠤᠨ ᠠᠴᠠ ᠳᠡᠭᠡᠭᠰᠢᠬᠢ ᠬᠥᠮᠦᠨ ᠳᠤ ᠪᠥᠬᠦ ᠲᠠᠷᠢᠯᠭ᠎ᠠ ᠬᠢᠬᠦ ᠬᠡᠷᠡᠭᠲᠡᠶ  ᠃ ᠪᠠᠯᠭᠠᠰᠤᠨ ᠤ ᠵᠠᠰᠠᠭ ᠤᠨ ᠣᠷᠳᠣᠨ ᠬᠠᠷᠢᠶ᠎ᠠ ᠭᠠᠵᠠᠷ ᠤᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠨᠢᠭᠡ ᠡᠷᠦᠬᠡ ᠶᠢ ᠴᠦ ᠣᠷᠬᠢᠭᠳᠠᠭᠤᠯᠬᠤ ᠥᠬᠡᠶ᠂ ᠨᠢᠭᠡ ᠬᠥᠮᠦᠨ ᠢ ᠴᠦ ᠣᠷᠬᠢᠭᠳᠠᠭᠤᠯᠬᠤ ᠥᠬᠡᠶ ᠪᠠᠶᠢᠬᠤ ᠪᠠᠷᠢᠮᠵᠢᠶ᠎ᠠ ᠶᠣᠰᠣᠭᠠᠷ᠂ ᠬᠠᠷᠠᠯᠲᠠ ᠬᠥᠮᠦᠰ ᠤᠨ ᠰᠠᠭᠤᠷᠢ ᠲᠤᠭ᠎ᠠ ᠶᠢ ᠲᠣᠳᠣᠷᠬᠠᠶ ᠣᠶᠢᠯᠠᠭᠠᠵᠤ᠂ ᠪᠣᠳᠠᠲᠠᠶ ᠲᠠᠢ ᠎ ᠪᠠᠨ ᠤᠶᠠᠯᠳᠤᠭᠤᠯᠤᠨ ᠠᠳᠠᠯᠢ ᠪᠤᠰᠤ ᠬᠥᠮᠦᠰ ᠤᠨ ᠲᠠᠷᠢᠯᠭ᠎ᠠ ᠬᠢᠬᠦ ᠲᠠᠰ ᠳᠠᠷᠠᠭᠠᠯᠠᠯ ᠢ ᠦᠨᠳᠦᠰᠦᠯᠡᠨ᠂ ᠲᠥᠬᠦᠮ ᠦᠵᠡᠭᠦᠯᠬᠦ᠂ ᠣᠶᠢᠷ᠎ᠠ ᠬᠠᠪᠢ ᠳᠤᠨᠢ ᠪᠠᠶᠢᠯᠭᠠᠬᠤ ᠵᠠᠷᠴᠢᠮ ᠶᠣᠰᠣᠭᠠᠷ ᠲᠠᠷᠢᠯᠭ᠎ᠠ ᠬᠢᠬᠦ ᠴᠠᠭ ᠪᠠ ᠲᠠᠷᠢᠯᠭ᠎ᠠ ᠬᠢᠬᠦ ᠲᠠᠰ ᠳᠠᠷᠠᠭᠠᠯᠠᠯ ᠢ ᠵᠦᠶ ᠵᠣᠬᠢᠰᠲᠠᠶ ᠳᠣᠭᠢᠷᠠᠭᠤᠯᠵᠤ᠂ 《 ᠲᠠᠷᠢᠯᠭ᠎ᠠ ᠬᠢᠬᠦ ᠶᠣᠰᠣᠲᠠᠶ ᠶᠢ ᠨᠢ ᠪᠦᠬᠦᠨ ᠢ ᠭᠥᠯᠢᠶᠡᠨ ᠠᠪᠬᠤ 》᠎ ᠶᠢ ᠪᠡᠶᠡᠯᠡᠭᠦᠯᠬᠦ ᠶᠢ ᠦᠨᠡᠨ ᠬᠦ ᠪᠠᠲᠤᠯᠠᠨ᠎ᠠ  ᠃ ᠬᠤᠶᠠᠷ ᠲᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠬᠠᠭᠤᠯᠭ᠎ᠠ ᠬᠥᠮᠦᠵᠢᠯ ᠢ ᠨᠢᠭᠡᠳᠦᠯᠲᠡᠶ ᠲᠥᠯᠥᠪᠯᠡᠨ ᠰᠠᠶᠢᠲᠤᠷ ᠬᠢᠨ᠎ᠠ  ᠃ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠸᠠᠺᠼᠢᠨ ᠢ ᠳᠠᠷᠢᠪᠠᠯ ᠬᠤᠪᠢ ᠬᠥᠮᠦᠨ ᠤ ᠡᠷᠡᠭᠦᠯ ᠮᠡᠨᠳᠦ ᠶᠢ ᠪᠦᠲᠦᠮᠵᠢᠲᠡᠶ ᠬᠠᠮᠠᠭᠠᠯᠠᠵᠤ᠂ ᠰᠢᠨ᠎ᠡ ᠲᠢᠲᠢᠮᠯᠢᠭ ᠸᠢᠷᠦ᠋ᠰ ᠤᠨ ᠬᠢᠵᠢᠭ ᠤᠨ ᠪᠠᠶᠢᠳᠠᠯ ᠤᠨ ᠦᠷᠪᠢᠰᠦᠨ ᠳᠡᠯᠭᠡᠷᠡᠬᠦ ᠶᠢ ᠬᠢᠵᠠᠭᠠᠷᠯᠠᠵᠤ ᠴᠢᠳᠠᠨ᠎ᠠ᠂ ᠡᠯ᠎ᠡ ᠨᠢᠭᠡᠴᠢ᠂ ᠡᠯ᠎ᠡ ᠰᠠᠯᠠᠭ᠎ᠠ ᠮᠥᠴᠢᠷ ᠵᠢᠴᠢ ᠡᠯ᠎ᠡ ᠭᠠᠴᠠᠭ᠎ᠠ ᠲᠣᠰᠬᠤᠨ ᠤ ᠬᠠᠷᠢᠭᠤᠴᠠᠯᠭᠠᠲᠠᠨ ᠥᠷᠭᠡᠨ ᠣᠯᠠᠨ ᠲᠦᠮᠡᠨ ᠎ ᠳᠤ ᠸᠠᠺᠼᠢᠨ ᠤ ᠲᠠᠷᠢᠯᠭ᠎ᠠ ᠬᠢᠬᠦ ᠮᠡᠳᠡᠯᠭᠡ ᠶᠢ ᠶᠡᠭᠡ ᠪᠠᠷ ᠤᠬᠠᠭᠤᠯᠵᠤ᠂ ᠣᠯᠠᠨ ᠲᠦᠮᠡᠨ ᠤ ᠲᠠᠷᠢᠯᠭ᠎ᠠ ᠬᠢᠬᠦ ᠬᠦᠰᠡᠯ ᠰᠠᠨᠠᠭ᠎ᠠ ᠪᠠ ᠳᠠᠭᠠᠬᠤ ᠴᠢᠨᠠᠷ ᠢ ᠳᠡᠭᠡᠭᠰᠢᠯᠡᠭᠦᠯᠬᠦ ᠬᠡᠷᠡᠭᠲᠡᠶ  ᠃ ᠭᠤᠷᠪᠠ ᠳᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ  ᠃ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠸᠠᠺᠼᠢᠨ ᠤ ᠲᠠᠷᠢᠯᠭ᠎ᠠ ᠎ ᠶᠢᠨ ᠠᠵᠢᠯ ᠢ ᠰᠠᠶᠢᠲᠤᠷ ᠬᠢᠬᠦ ᠨᠢ ᠣᠯᠠᠨ ᠲᠦᠮᠡᠨ ᠤ ᠠᠮᠢ ᠨᠠᠰᠤ ᠡᠷᠡᠭᠦᠯ ᠮᠡᠨᠳᠦ ᠶᠢ ᠪᠠᠲᠤᠯᠠᠬᠤ᠂ ᠬᠢᠯᠪᠠᠷ ᠪᠤᠰᠤ ᠎ ᠪᠠᠷ ᠣᠯᠤᠭᠰᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠭᠰᠡᠨ ᠦᠷ᠎ᠡ ᠪᠦᠲᠦᠭᠡᠯ ᠢ ᠪᠠᠬᠢᠵᠢᠭᠦᠯᠬᠦ ᠳᠤ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ  ᠃ ᠡᠯ᠎ᠡ ᠨᠢᠭᠡᠴᠢ᠂ ᠡᠯ᠎ᠡ ᠰᠠᠯᠠᠭ᠎ᠠ ᠮᠥᠴᠢᠷ ᠵᠢᠴᠢ ᠡᠯ᠎ᠡ ᠭᠠᠴᠠᠭ᠎ᠠ ᠲᠣᠰᠬᠤᠨ ᠎ ᠤ ᠬᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠸᠠᠺᠼᠢᠨ ᠤ ᠲᠠᠷᠢᠯᠭ᠎ᠠ ᠶᠢ ᠪᠠᠶᠢᠩᠭᠤᠵᠢᠬᠰᠠᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠡᠷᠢᠭᠦᠨ ᠴᠢᠬᠤᠯᠠ ᠶᠠᠪᠤᠳᠠᠯ ᠪᠣᠯᠭᠠᠨ ᠠᠳᠬᠤᠵᠤ᠂ ᠰᠠᠯᠠᠭ᠎ᠠ ᠮᠥᠴᠢᠷ ᠤᠨ ᠬᠠᠷᠢᠭᠤᠴᠠᠯᠭᠠᠲᠠᠨ᠂ ᠭᠠᠴᠠᠭ᠎ᠠ ᠲᠣᠰᠬᠤᠨ ᠤ ᠨᠠᠮ ᠤᠨ ᠡᠭᠦᠷ ᠤᠨ ᠱᠦᠵᠢ ᠪᠡᠶ᠎ᠡ ᠪᠠᠷ ᠢᠶᠠᠨ ᠲᠠᠶᠢᠴᠢᠯᠠᠵᠥ᠂ ᠪᠡᠶ᠎ᠡ ᠎ ᠪᠠᠷ ᠢᠶᠠᠨ ᠪᠠᠶᠢᠷᠢᠯᠠᠭᠤᠯᠬᠤ ᠬᠡᠷᠡᠭᠲᠡᠢ  ᠃
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号