ᠬᠤᠰᠢᠭᠤᠨ ᠤ ᠬᠤᠲᠠ ᠶᠢᠨ ᠶᠠᠪᠤᠳᠠᠯ ᠤᠨ ᠨᠡᠶᠢᠲᠡ ᠶᠢᠨ ᠦᠶᠯᠡᠰ ᠤᠨ ᠲᠥᠪ ᠬᠤᠲᠠ ᠶᠢᠨ ᠶᠠᠪᠤᠳᠠᠯ ᠤᠨ ᠢᠨᠵᠧᠨᠧᠷᠢᠩ ᠤᠨ ᠠᠮᠤᠷ ᠲᠦᠪᠰᠢᠨ ᠤ ᠶᠡᠭᠡ ᠪᠠᠶᠢᠴᠠᠭᠠᠯᠲᠠ ᠥᠷᠨᠢᠭᠦᠯᠪᠡ
ᠨᠡᠶᠢᠲᠡᠯᠡᠭᠰᠡᠨ ᠴᠠᠭ᠄
2021/7/30
       ᠬᠤᠰᠢᠭᠤᠨ ᠤ ᠬᠤᠲᠠ ᠶᠢᠨ ᠶᠠᠪᠤᠳᠠᠯ ᠤᠨ ᠨᠡᠶᠢᠲᠡ ᠶᠢᠨ ᠦᠶᠯᠡᠰ ᠤᠨ ᠲᠥᠪ ᠨᠢ ᠠᠷᠤᠨ ᠪᠠᠯᠭᠠᠰᠤᠨ ᠤ ᠬᠤᠲᠠ ᠶᠢᠨ ᠲᠣᠭᠤᠷᠢᠭ ᠤᠨ ᠬᠤᠲᠠ ᠶᠢᠨ ᠶᠠᠪᠤᠳᠠᠯ ᠤᠨ ᠲᠥᠬᠦᠭᠡᠷᠦᠮᠵᠢ ᠶᠢ ᠬᠠᠮᠠᠭᠠᠯᠠᠬᠤ ᠠᠵᠢᠯ ᠢ ᠬᠠᠷᠢᠭᠤᠴᠠᠵᠤ᠂ ᠪᠠᠷᠢᠯᠭ᠎ᠠ ᠶᠢ ᠬᠠᠮᠠᠭᠠᠯᠠᠬᠤ ᠳᠤ ᠬᠤᠯᠪᠣᠭᠳᠠᠬᠤ ᠠᠵᠢᠯ ᠲᠥᠷᠥᠯ ᠣᠯᠠᠨ᠂ ᠠᠵᠢᠯᠯᠠᠬᠤ ᠣᠷᠴᠢᠨ ᠲᠣᠭᠤᠷᠢᠨ ᠪᠤᠳᠤᠯᠢᠶᠠᠨᠲᠠᠶ᠂ ᠬᠥᠮᠦᠨ ᠮᠠᠰᠢᠨ ᠰᠣᠯᠪᠢᠴᠠᠨ ᠠᠵᠢᠯᠯᠠᠬᠤ ᠨᠢ ᠣᠯᠠᠨ᠂ ᠠᠮᠤᠷ ᠲᠦᠪᠰᠢᠨ ᠤ ᠳᠠᠯᠳᠠ ᠬᠡᠮ ᠠᠮᠠᠷᠬᠠᠨ ᠢᠯᠡᠷᠡᠨ᠎ᠡ  ᠃ 7 ᠰᠠᠷ᠎ᠠ ᠶᠢᠨ 8᠎ ᠤ ᠡᠳᠦᠷ᠂ ᠮᠠᠨ ᠤ ᠲᠥᠪ ᠶᠠᠭ ᠪᠠᠶᠢᠭᠤᠯᠵᠤ ᠪᠠᠶᠢᠭ᠎ᠠ 3 ᠰᠡᠯᠪᠢᠨ ᠵᠠᠰᠠᠬᠤ ᠢᠨᠵᠧᠨᠧᠷᠢᠩ ᠳᠤ ᠲᠤᠬᠠᠢ ᠶᠢᠨ ᠲᠠᠯᠠᠪᠤᠷ ᠤᠨ ᠠᠶᠤᠯᠭᠦᠢ ᠶᠢᠨ ᠶᠡᠭᠡ ᠪᠠᠶᠢᠴᠠᠭᠠᠯᠲᠠ ᠥᠷᠨᠢᠭᠦᠯᠪᠡ  ᠃      ᠲᠤᠰ ᠤᠳᠠᠭ᠎ᠠ ᠶᠢᠨ ᠪᠠᠶᠢᠴᠠᠭᠠᠯᠲᠠ ᠳᠤ 2 ᠠᠮᠤᠷ ᠲᠦᠪᠰᠢᠨ ᠤ ᠭᠡᠮ ᠰᠣᠭᠤᠭ ᠢ ᠢᠯᠡᠷᠡᠭᠦᠯᠵᠦ᠂ ᠪᠠᠷᠢᠯᠭ᠎ᠠ ᠎ ᠶᠢᠨ ᠡᠩᠨᠡᠭᠡ ᠶᠢ ᠳᠠᠷᠤᠶᠢᠬᠠᠨ ᠴᠡᠭᠴᠡᠯᠡᠨ ᠰᠠᠶᠢᠵᠢᠷᠠᠭᠤᠯᠬᠤ ᠪᠠᠷ ᠨᠢᠭᠡᠨᠲᠡ ᠵᠠᠷᠯᠢᠭᠳᠠᠪᠠ᠃ ᠵᠠᠯᠭᠠᠭᠠᠳ᠂ ᠬᠤᠲᠠ ᠎ ᠶᠢᠨ ᠶᠠᠪᠤᠳᠠᠯ ᠤᠨ ᠨᠡᠶᠢᠲᠡ ᠶᠢᠨ ᠦᠶᠯᠡᠰ ᠤᠨ ᠲᠥᠪ ᠨᠢ ᠪᠠᠷᠢᠯᠭ᠎ᠠ ᠶᠢᠨ ᠭᠠᠵᠠᠷ ᠤᠨ ᠠᠬᠤᠶ ᠲᠠᠯᠠᠪᠠᠶ ᠳᠤ ᠠᠮᠤᠷ ᠲᠦᠪᠰᠢᠨ ᠤ ᠪᠠᠶᠢᠴᠠᠭᠠᠯᠲᠠ ᠶᠢ ᠲᠣᠭᠲᠠᠮᠠᠯ ᠪᠤᠰᠤ ᠴᠠᠭ ᠢᠶᠠᠷ ᠬᠢᠵᠦ᠂ ᠪᠠᠶᠢᠴᠠᠭᠠᠯᠲᠠ ᠶᠢᠨ ᠳᠤᠮᠳᠠ ᠢᠯᠡᠷᠡᠭᠦᠯᠦᠭᠰᠡᠨ ᠳᠠᠯᠳᠠ ᠬᠡᠮ ᠪᠣᠯᠤᠨ ᠠᠰᠠᠭᠤᠳᠠᠯ ᠢ 《 ᠥᠴᠦᠬᠡᠨ ᠴᠦ ᠠᠭᠤᠴᠢᠯᠠᠬᠤ ᠥᠬᠡᠶ 》 ᠪᠠᠶᠢᠵᠤ᠂ ᠳᠠᠯᠳᠠ ᠬᠡᠮ ᠢ ᠵᠢᠭᠰᠠᠭᠠᠨ ᠪᠠᠶᠢᠴᠠᠭᠠᠬᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ᠂ ᠴᠡᠭᠴᠡᠯᠡᠨ ᠰᠠᠶᠢᠵᠢᠷᠠᠭᠤᠯᠵᠤ ᠳ᠋ᠤᠭᠠᠷ ᠢ ᠬᠠᠰᠤᠬᠤ ᠪᠢᠲᠡᠭᠦᠮᠵᠢᠯᠡᠭᠰᠡᠨ ᠬᠠᠮᠢᠶᠠᠷᠤᠯᠲᠠ ᠶᠢᠨ ᠵᠠᠭᠪᠤᠷ ᠢ ᠬᠡᠷᠡᠭᠵᠢᠭᠦᠯᠦᠨ᠎ᠡ  ᠃
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号