ᠬᠤᠰᠢᠭᠤᠨ ᠤ ᠬᠤᠲᠠ ᠶᠢᠨ ᠶᠠᠪᠤᠳᠠᠯ ᠤᠨ ᠨᠡᠶᠢᠲᠡ ᠶᠢᠨ ᠦᠶᠯᠡᠰ ᠤᠨ ᠲᠥᠪ ᠬᠠᠭᠤᠴᠢᠨ ᠲᠣᠰᠣᠲᠤ ᠡᠯᠡᠰᠦ ᠪᠠᠷ ᠠᠯᠳᠠᠨᠰᠢᠷᠡᠭᠡ ᠪᠠᠯᠭᠠᠰᠤᠨ ᠤ ᠪᠠᠷᠢᠯᠭ᠎ᠠ ᠶᠢᠨ ᠰᠢᠷᠣᠶ ᠭᠠᠷᠭᠠᠬᠤ ᠭᠠᠵᠠᠷ ᠤᠨ ᠵᠠᠮ ᠤᠨ ᠭᠠᠳᠠᠷᠭᠤ ᠳᠤ ᠳᠡᠪᠢᠰᠪᠡ
ᠨᠡᠶᠢᠲᠡᠯᠡᠭᠰᠡᠨ ᠴᠠᠭ᠄
2021/7/30
     ᠠᠯᠳᠠᠨᠰᠢᠷᠡᠭᠡ ᠪᠠᠯᠭᠠᠰᠤᠨ ᠤ ᠪᠠᠷᠢᠯᠭ᠎ᠠ ᠶᠢᠨ ᠰᠢᠷᠣᠶ ᠭᠠᠳᠠᠭᠰᠢᠯᠠᠭᠤᠯᠬᠤ ᠲᠠᠯᠠᠪᠠᠶ ᠶᠢᠨ ᠣᠷᠣᠵᠤ ᠭᠠᠷᠬᠤ ᠭᠤᠤᠯ ᠵᠠᠮ ᠨᠢ ᠡᠩᠬᠦᠯ ᠳᠤᠩᠬᠤᠯ ᠪᠠᠶᠢᠵᠤ᠂ ᠦᠷᠭᠦᠯᠵᠢ ︽ᠪᠣᠷᠣᠭᠠᠨ ᠲᠠᠢ ᠡᠳᠦᠷ ᠰᠢᠪᠠᠷ ᠱᠠᠯᠴᠢᠭ ᠲᠠᠢ᠂ ᠲᠤᠩᠭᠠᠯᠠᠭ ᠡᠳᠦᠷ ᠬᠤᠭ ᠲᠣᠭᠤᠰᠣ ᠲᠠᠢ︾  ᠪᠤᠯᠳᠠᠭ᠂ ᠰᠢᠷᠣᠶ ᠭᠠᠳᠠᠭᠰᠢᠯᠠᠭᠤᠯᠬᠤ ᠪᠠ ᠪᠠᠷᠢᠯᠭ᠎ᠠ ᠶᠢᠨ ᠬᠤᠭ ᠨᠣᠪᠰᠢ ᠶᠢᠨ ᠲᠡᠷᠭᠡ ᠣᠷᠣᠵᠤ ᠭᠠᠷᠬᠤ ᠳᠤ ᠲᠤᠶᠢᠯ ᠤᠨ ᠳᠥᠭᠦᠮ ᠦᠭᠡᠢ ᠪᠠᠶᠢᠳᠠᠭ᠂ ᠢᠯᠠᠩᠭᠤᠶ᠎ᠠ ᠵᠣᠨ ᠤ ᠤᠯᠠᠷᠢᠯ ᠎ ᠳᠤ ᠰᠢᠷᠣᠶ ᠭᠠᠳᠠᠭᠰᠢᠯᠠᠭᠤᠯᠬᠤ ᠲᠡᠷᠭᠡ ᠣᠯᠠᠨ᠂ ᠡᠷᠬᠢᠨ ᠲᠣᠭᠤᠷᠢᠨ ᠤ ᠬᠡᠰᠡᠭ ᠣᠷᠣᠨ ᠤ ᠲᠣᠭᠤᠰᠣ ᠰᠢᠷᠣᠶ ᠳᠡᠭᠳᠡᠵᠦ᠂ ᠡᠷᠬᠢᠨ ᠲᠣᠭᠤᠷᠢᠨ ᠤ ᠰᠠᠭᠤᠭᠠᠯᠢ ᠠᠷᠠᠳ ᠤᠨ ᠠᠮᠢᠳᠤᠷᠠᠯ ᠤᠨ ᠣᠷᠴᠢᠨ ᠲᠣᠭᠤᠷᠢᠨ ᠢ ᠲᠤᠶᠢᠯ ᠤᠨ ᠶᠡᠭᠡ ᠪᠠᠷ ᠨᠥᠯᠥᠭᠡᠯᠡᠪᠡ  ᠃ ᠬᠤᠰᠢᠭᠤᠨ ᠤ ᠬᠤᠲᠠ ᠶᠢᠨ ᠶᠠᠪᠤᠳᠠᠯ ᠤᠨ ᠨᠡᠶᠢᠲᠡ ᠶᠢᠨ ᠦᠶᠯᠡᠰ ᠤᠨ ᠲᠥᠪ ᠬᠠᠶᠠᠭᠳᠠᠮᠠᠯ ᠬᠠᠭᠤᠴᠢᠨ ᠲᠣᠰᠣᠲᠤ ᠡᠯᠡᠰᠦ ᠶᠢ ᠠᠰᠢᠭᠯᠠᠨ ᠵᠠᠮ ᠤᠨ ᠭᠠᠳᠠᠷᠭᠤ ᠶᠢ ᠳᠠᠬᠢᠨ ᠰᠢᠨᠡᠳᠬᠡᠵᠦ᠂ ᠥᠭᠡᠷᠡᠴᠢᠯᠡᠭᠰᠡᠨ ᠤ ᠳᠠᠷᠠᠭᠠᠬᠢ ᠵᠠᠮ ᠤᠨ ᠭᠠᠳᠠᠷᠭᠤ᠂ ᠲᠡᠭᠰᠢ ᠰᠠᠷᠠᠭᠤᠯ᠂ ᠭᠤᠶᠣ ᠰᠠᠶᠢᠬᠠᠨ᠂ ᠴᠡᠪᠡᠷ ᠲᠡᠭᠰᠢ ᠪᠠᠶᠢᠵᠤ᠂ ᠲᠣᠭᠤᠰᠣ ᠰᠢᠷᠣᠶ ᠲᠡᠭᠳᠡᠬᠦ ᠦᠬᠡᠢ ᠪᠤᠯᠵᠤ᠂ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠰᠠᠶᠢᠵᠢᠷᠠᠭᠤᠯᠤᠭᠰᠠᠨ ᠮᠥᠷᠲᠡᠭᠡᠨ ᠪᠠᠰᠠ ᠬᠠᠭᠤᠴᠢᠨ ᠮᠠᠲ᠋ᠧᠷᠢᠶᠠᠯ ᠤᠨ ᠠᠰᠢᠭᠯᠠᠯᠲᠠ ᠶᠢᠨ ᠨᠣᠷᠮ᠎ᠠ ᠶᠢ ᠳᠡᠭᠡᠭᠰᠢᠯᠡᠭᠦᠯᠵᠦ᠂ ᠡᠨᠧᠷᠭᠢ ᠶᠢᠨ ᠬᠤᠷᠣᠭᠳᠠᠯ ᠢ ᠪᠠᠭᠤᠷᠠᠭᠤᠯᠪᠠ  ᠃
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号