ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠰᠢᠰᠲ᠋ᠧᠮ ᠤᠨ ᠲᠤᠰᠬᠠᠶ ᠬᠢᠨᠠᠨ ᠪᠤᠳᠤᠯᠲᠠ ᠪᠠᠷ ᠣᠨᠳᠣᠤ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠰᠦᠶᠳᠬᠡᠯ ᠢ ᠨᠡᠬᠡᠮᠵᠢᠯᠡᠨ ᠲᠤᠰᠢᠶᠠᠯᠭᠠᠬᠤ ᠶᠢ ᠠᠬᠢᠭᠤᠯᠪᠠ
ᠨᠡᠶᠢᠲᠡᠯᠡᠭᠰᠡᠨ ᠴᠠᠭ᠄
2021/7/30
       ᠣᠶᠢᠷ᠎ᠠ ᠳᠤ᠂ ᠡᠵᠡᠨ ᠬᠤᠷᠤᠭ᠎ᠠ ᠬᠤᠰᠢᠭᠤᠨ ᠤ ᠬᠢᠨᠠᠨ ᠪᠤᠳᠤᠬᠤ ᠲᠣᠪᠴᠢᠶ᠎ᠠ ᠡᠵᠡᠨ ᠬᠤᠷᠤᠭ᠎ᠠ ᠬᠤᠰᠢᠭᠤᠨ ᠎ ᠤ 2013 ᠣᠨ ᠠᠴᠠ 2019 ᠣᠨ ᠪᠣᠯᠲᠠᠯᠠᠬᠢ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠰᠢᠰᠲ᠋ᠧᠮ ᠤᠨ ᠲᠤᠰᠬᠠᠶ ᠬᠢᠨᠠᠨ ᠪᠤᠳᠤᠯᠲᠠ ᠳᠤ  ᠂ ᠬᠤᠰᠢᠭᠤᠨ ᠤ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠠᠯᠪᠠᠨ ᠬᠡᠷ ᠲᠤ ᠬᠤᠷᠢᠶᠠᠬᠤ ᠶᠣᠰᠣᠲᠠᠶ ᠪᠠᠶᠢᠲᠠᠯ᠎ᠠ ᠬᠤᠷᠢᠶᠠᠭᠰᠠᠨ ᠥᠬᠡᠶ ᠪᠠ ᠪᠠᠷᠢᠮᠵᠢᠶ᠎ᠠ ᠶᠣᠰᠣᠭᠠᠷ ᠣᠨᠳᠣᠤ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠰᠦᠶᠳᠬᠡᠯ ᠢ ᠭᠦᠶᠴᠡᠳ ᠲᠤᠭ᠎ᠠ ᠪᠠᠷ ᠬᠤᠷᠢᠶᠠᠭᠰᠠᠨ ᠥᠬᠡᠶ ᠵᠡᠷᠭᠡ ᠠᠰᠠᠭᠤᠳᠠᠯ ᠣᠷᠣᠰᠢᠵᠤ ᠪᠠᠶᠢᠬᠤ ᠶᠢ ᠢᠯᠡᠷᠡᠬᠦᠯᠪᠡ᠃ ᠡᠭᠦᠨ ᠳᠤ ᠬᠤᠰᠢᠭᠤᠨ ᠤ ᠬᠢᠨᠠᠨ ᠪᠤᠳᠤᠬᠤ ᠲᠣᠪᠴᠢᠶ᠎ᠠ ᠴᠠᠭ ᠲᠤᠬᠠᠶ ᠳᠤᠨᠢ ᠬᠢᠨᠠᠨ ᠪᠤᠳᠤᠵᠤ ᠰᠢᠶᠳᠪᠦᠷᠢᠯᠡᠬᠦ ᠶᠢᠨ ᠬᠠᠮᠲᠤ ᠬᠤᠭᠤᠴᠠᠭ᠎ᠠ ᠬᠢᠵᠠᠭᠠᠷᠯᠠᠨ ᠴᠡᠭᠴᠡᠯᠡᠨ ᠵᠠᠰᠠᠬᠤ ᠱᠠᠭᠠᠷᠳᠠᠯᠭ᠎ᠠ ᠲᠤᠷᠠᠳᠤᠪᠠ᠃ ᠬᠤᠰᠢᠭᠤᠨ ᠤ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠠᠯᠪᠠᠨ ᠬᠡᠷ ᠵᠢᠴᠢ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠬᠢᠨᠠᠨ ᠪᠤᠳᠤᠵᠤ ᠴᠡᠭᠴᠡᠯᠡᠨ ᠰᠠᠶᠢᠵᠢᠷᠠᠭᠤᠯᠬᠤ ᠱᠠᠭᠠᠷᠳᠠᠯᠭ᠎ᠠ ᠶᠣᠰᠣᠭᠠᠷ᠂ ᠴᠡᠭᠴᠡᠯᠡᠨ ᠰᠠᠶᠢᠵᠢᠷᠠᠭᠤᠯᠬᠤ ᠳᠤᠭᠤᠶᠢᠯᠠᠩ ᠪᠠᠶᠢᠭᠤᠯᠵᠤ᠂ ᠲᠤᠰᠬᠠᠶ ᠬᠦᠴᠦᠨ ᠢ ᠵᠣᠬᠢᠶᠠᠨ ᠪᠠᠶᠢᠭᠤᠯᠵᠤ᠂ ᠢᠳᠡᠪᠬᠢᠲᠡᠶ ᠠᠷᠭ᠎ᠠ ᠬᠡᠮᠵᠢᠶ᠎ᠡ ᠠᠪᠴᠤ ᠪᠠᠶᠢᠭᠠᠳ ᠨᠡᠬᠡᠮᠵᠢᠯᠡᠨ ᠲᠤᠰᠢᠶᠠᠯᠭᠠᠨ᠎ᠠ  ᠃ ᠣᠲᠣ ᠪᠣᠯᠲᠠᠯ᠎ᠠ᠂ ᠣᠯᠠᠩᠬᠢ ᠲᠥᠷᠥᠯ ᠵᠦᠶᠯ ᠤᠨ ᠣᠨᠳᠣᠤ ᠭᠠᠵᠠᠷ ᠪᠠᠶᠢᠭᠤᠯᠬᠤ ᠵᠠᠷᠤᠳᠠᠯ ᠢ ᠲᠣᠭᠲᠠᠭᠠᠯ ᠶᠣᠰᠣᠭᠠᠷ ᠨᠡᠬᠡᠮᠵᠢᠯᠡᠨ ᠬᠤᠷᠢᠶᠠᠵᠤ᠂ ᠤᠯᠤᠰ ᠤᠨ ᠡᠳ᠋ ᠤᠨ ᠵᠠᠰᠠᠭ ᠤᠨ ᠪᠠᠯᠠ ᠮᠥᠩᠭᠦ ᠶᠢᠨ ᠬᠤᠬᠢᠷᠠᠯ ᠠᠴᠠ ᠵᠠᠶᠢᠯᠠᠰᠬᠢᠵᠦ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠠᠯᠪᠠᠨ ᠬᠡᠷ ᠤᠨ ᠨᠡᠶᠢᠲᠡᠯᠡᠭᠰᠡᠨ ᠲᠦᠷᠢᠮ ᠲᠣᠭᠲᠠᠭᠠᠯ 9᠂ ᠬᠦᠴᠦᠨ ᠥᠬᠡᠶ ᠪᠣᠯᠭᠠᠬᠤ ᠲᠦᠷᠢᠮ 3 ᠵᠦᠢᠯ ᠪᠠᠶᠢᠨ᠎ᠠ  ᠃
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号