ᠡᠵᠡᠨ ᠬᠤᠷᠤᠭ᠎ᠠ ᠬᠤᠰᠢᠭᠤᠨ ᠤ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠎ ᠤ ᠬᠠᠤᠯᠢ ᠬᠡᠷᠡᠭᠵᠢᠭᠦᠯᠬᠦ ᠲᠣᠪᠴᠢᠶ᠎ᠠ ᠴᠠᠭ ᠢᠮᠠᠭᠲᠠ ᠰᠤᠷᠪᠤᠯᠵᠢᠯᠠᠯ ᠭᠥᠯᠢᠶᠡᠨ ᠠᠪᠴᠤ ᠮᠠᠳᠠᠭ ᠲᠠᠢ ᠠᠰᠠᠭᠤᠳᠠᠯ ᠢ ᠰᠢᠶᠳᠪᠦᠷᠢᠯᠡᠨ ᠣᠯᠠᠨ ᠲᠦᠮᠡᠨ ᠳᠤ ᠦᠶᠯᠡᠴᠢᠯᠡᠵᠦ ᠪᠠᠶᠢᠨ᠎ᠠ
ᠨᠡᠶᠢᠲᠡᠯᠡᠭᠰᠡᠨ ᠴᠠᠭ᠄
2021/7/30
       ᠶᠡᠷᠦᠩᠬᠡᠶ ᠱᠦᠵᠢ ᠰᠢ ᠶᠢᠨ ᠫᠢᠩ ᠤᠨ ᠠᠷᠠᠳ ᠤᠨ ᠵᠠᠬᠢᠳᠠᠯ ᠰᠤᠷᠪᠤᠯᠵᠢᠯᠠᠯ ᠤᠨ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠤ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠦᠨ᠂ ᠤᠯᠤᠰ ᠲᠥᠷᠥ ᠶᠢᠨ ᠡᠭᠦᠷᠭᠡᠯᠡᠯ ᠢᠶᠠᠨ ᠴᠢᠩᠭᠠᠳᠬᠠᠬᠤ ᠶᠢᠨ ᠲᠥᠯᠥᠭᠡ᠂ ᠡᠵᠡᠨ ᠬᠤᠷᠤᠭ᠎ᠠ ᠬᠤᠰᠢᠭᠤᠨ ᠤ ᠬᠤᠲᠠ ᠶᠢᠨ ᠬᠠᠮᠢᠶᠠᠷᠤᠯᠲᠠ ᠶᠢᠨ ᠲᠣᠪᠴᠢᠶ᠎ᠠ ᠢᠮᠠᠭᠲᠠ ᠵᠠᠬᠢᠳᠠᠯ ᠰᠤᠷᠪᠤᠯᠵᠢᠯᠠᠯ ᠎ ᠤᠨ ᠠᠵᠢᠯ ᠤᠨ ᠲᠦᠷᠢᠮ ᠪᠠ ᠣᠯᠠᠨ ᠲᠦᠮᠡᠨ ᠤ ᠤᠲᠠᠰᠤ ᠢᠷᠡᠭᠦᠯᠵᠦ ᠰᠤᠷᠪᠤᠯᠵᠢᠯᠠᠬᠤ ᠶᠢ ᠳᠠᠩᠰᠠᠯᠠᠬᠤ ᠲᠦᠷᠢᠮ ᠎ ᠤᠨ ᠬᠠᠮᠢᠶ᠎ᠠ ᠪᠥᠬᠦᠶ ᠲᠣᠭᠲᠠᠭᠠᠯ ᠢ ᠴᠢᠩᠭ᠎ᠠ ᠵᠢᠷᠤᠮᠯᠠᠨ᠂ ᠤᠲᠠᠰᠤ ᠢᠷᠡᠭᠦᠯᠵᠦ ᠵᠠᠭᠠᠯᠳᠤᠬᠤ ᠠᠰᠠᠭᠤᠳᠠᠯ ᠤᠨ ᠲᠤᠬᠠᠶ ᠬᠠᠮᠢᠶ᠎ᠠ ᠪᠥᠬᠦᠶ ᠪᠠᠶᠢᠳᠠᠯ ᠢ ᠨᠠᠷᠢᠨ ᠬᠢᠨᠠᠮᠠᠭᠠᠶ ᠣᠶᠢᠯᠠᠭᠠᠵᠤ᠂ ᠵᠠᠬᠢᠳᠠᠯ ᠰᠤᠷᠪᠤᠯᠵᠢᠯᠠᠯ ᠤᠨ ᠵᠦᠶᠯᠡᠰ ᠢ ᠴᠦᠮ ᠨᠠᠶᠢᠳᠠᠪᠤᠷᠢᠵᠢᠭᠤᠯᠵᠤ᠂ ᠶᠠᠪᠤᠳᠠᠯ ᠪᠣᠯᠭᠠᠨ ᠳᠤ ᠬᠠᠷᠢᠭᠤᠯᠲᠠ ᠥᠭᠬᠦ ᠶᠢ ᠪᠡᠶᠡᠯᠡᠭᠦᠯᠪᠡ  ᠃      ᠣᠶᠢᠷ᠎ᠠ ᠳᠤ᠂ ᠣᠯᠠᠨ ᠲᠦᠮᠡᠨ ᠬᠤᠲᠠ ᠶᠢᠨ ᠬᠠᠮᠢᠶᠠᠷᠤᠯᠲᠠ ᠶᠢᠨ ᠲᠣᠪᠴᠢᠶ᠎ᠠ ᠶᠢᠨ ᠳᠡᠳ᠋ ᠳᠠᠷᠤᠭ᠎ᠠ ᠯᠢᠦ ᠭᠤᠸᠠᠩ ᠵᠢᠶᠦ᠋ᠨ ᠢ ᠡᠷᠢᠵᠦ᠂ ᠰᠢᠳᠬᠡᠬᠦ ᠲᠣᠭᠲᠠᠭᠠᠯ ᠳᠤ ᠣᠨᠳᠣᠤ ᠰᠠᠨᠠᠯ ᠲᠠᠢ ᠪᠠᠶᠢᠬᠤ ᠪᠠᠨ ᠢᠯᠡᠳᠬᠡᠭᠰᠡᠨ ᠪᠥᠭᠡᠳ ᠬᠤᠯᠪᠣᠭᠳᠠᠯ ᠪᠥᠬᠦᠶ ᠲᠥᠷᠥ ᠶᠢᠨ ᠪᠣᠳᠣᠯᠭ᠎ᠠ ᠶᠢ ᠠᠰᠠᠭᠤᠪᠠ  ᠃ ᠯᠢᠦ ᠲᠣᠪᠴᠢᠶᠠᠨ ᠳᠠᠷᠤᠭ᠎ᠠ ᠰᠤᠷᠪᠤᠯᠵᠢᠯᠠᠯ ᠬᠦᠯᠢᠶᠡᠬᠦ ᠶᠠᠪᠤᠴᠠ ᠳᠠᠭᠠᠨ ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠨᠠᠷᠢᠨ ᠬᠢᠨᠠᠮᠠᠭᠠᠶ ᠰᠣᠨᠣᠰᠬᠤ ᠶᠢᠨ ᠬᠠᠮᠲᠤ ᠲᠡᠭᠦᠨ ᠳᠤ ᠬᠤᠲᠠ ᠶᠢᠨ ᠬᠠᠮᠢᠶᠠᠷᠤᠯᠲᠠ ᠶᠢᠨ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢ ᠲᠠᠶᠢᠯᠪᠤᠷᠢᠯᠠᠨ ᠥᠭᠴᠦ᠂ ᠣᠯᠠᠨ ᠲᠦᠮᠡᠨ ᠤ ᠵᠣᠭᠰᠣᠴᠠ ᠠᠴᠠ ᠲᠣᠰ ᠵᠦᠶᠯᠡᠰ ᠤᠨ ᠠᠰᠢᠭ ᠪᠠ ᠬᠤᠤᠷ ᠢ ᠵᠠᠳᠠᠯᠵᠤ᠂ ᠲᠥᠷᠥ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠬᠤ ᠵᠢᠴᠢ ᠦᠵᠡᠯ ᠰᠠᠨᠠᠭ᠎ᠠ ᠶᠢ ᠬᠥᠲᠥᠯᠥᠨ ᠵᠢᠯᠣᠭᠤᠳᠬᠤ ᠠᠵᠢᠯ ᠢ ᠬᠦᠯᠢᠴᠡᠩᠭᠦᠶ ᠰᠠᠶᠢᠲᠤᠷ ᠬᠢᠵᠦ᠂ ᠵᠠᠬᠢᠳᠠᠯ ᠰᠤᠷᠪᠤᠯᠵᠢᠯᠠᠯ ᠤᠨ ᠠᠰᠠᠭᠤᠳᠠᠯ ᠢ ᠲᠣᠬᠢᠲᠠᠶ ᠰᠢᠶᠳᠪᠦᠷᠢᠯᠡᠪᠡ  ᠃      ᠬᠤᠶᠢᠰᠢᠳᠠ ᠶᠢᠨ ᠠᠵᠢᠯ ᠤᠨ ᠳᠤᠮᠳᠠ᠂ ᠮᠠᠨ ᠤ ᠲᠣᠪᠴᠢᠶ᠎ᠠ ᠵᠥᠷᠢᠴᠡᠯ ᠬᠡᠮ ᠰᠣᠭᠤᠭ ᠢ ᠵᠢᠭᠰᠠᠭᠠᠨ ᠪᠠᠶᠢᠴᠠᠭᠠᠬᠤ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠵᠠᠬᠢᠳᠠᠯ ᠰᠤᠷᠪᠤᠯᠵᠢᠯᠠᠯ ᠤᠨ ᠵᠥᠷᠢᠴᠡᠯ ᠬᠡᠮ ᠰᠣᠭᠤᠭ ᠢ ᠵᠢᠭᠰᠠᠭᠠᠨ ᠪᠠᠶᠢᠴᠠᠭᠠᠬᠤ ᠠᠵᠢᠯ ᠢ ᠲᠡᠷᠡ ᠳᠠᠷᠤᠶ ᠳᠤᠨᠢ ᠰᠠᠶᠢᠲᠤᠷ ᠬᠢᠬᠦ ᠶᠢ ᠪᠠᠲᠤᠯᠠᠵᠤ᠂ ᠠᠰᠠᠭᠤᠳᠠᠯ ᠬᠤᠷᠠᠮᠳᠤᠬᠤ᠂ ᠵᠥᠷᠢᠴᠡᠯ ᠬᠤᠷᠴᠠᠳᠬᠤ ᠶᠢ ᠰᠡᠷᠭᠡᠶᠢᠯᠡᠨ᠎ᠡ︔ ᠵᠠᠬᠢᠳᠠᠯ ᠰᠤᠷᠪᠤᠯᠵᠢᠯᠠᠯ ᠤᠨ ᠬᠡᠷᠡᠭ ᠢ ᠰᠢᠢᠳᠪᠦᠷᠢᠯᠡᠬᠦ ᠲᠣᠭᠲᠠᠴᠠ ᠶᠢ ᠵᠢᠷᠤᠮᠵᠢᠭᠤᠯᠤᠨ᠂  ︽ᠪᠢ ᠤᠯᠠᠨ ᠲᠦᠮᠡᠨ ᠲᠤ ᠪᠣᠳᠠᠲᠤ ᠶᠠᠪᠤᠳᠠᠯ ᠬᠢᠬᠦ︾ ᠠᠵᠢᠯ ᠤᠨ ᠱᠠᠭᠠᠷᠳᠠᠯᠭ᠎ᠠ ᠲᠠᠢ ᠤᠶᠠᠯᠳᠤᠭᠤᠯᠵᠤ᠂ ᠤᠯᠠᠨ ᠲᠦᠮᠡᠨ ᠤ ᠵᠠᠬᠢᠳᠠᠯ ᠰᠤᠷᠪᠤᠯᠵᠢᠯᠠᠯ ᠤᠨ ᠬᠡᠷᠡᠭ ᠢ ᠴᠠᠭ ᠲᠤᠬᠠᠢ ᠲᠤᠨᠢ ᠬᠢᠨᠠᠨ ᠪᠠᠶᠢᠴᠠᠭᠠᠵᠤ ᠬᠥᠯᠢᠶᠡᠨ ᠠᠪᠴᠤ ᠰᠢᠢᠳᠪᠦᠷᠢᠯᠡᠨ᠂ ᠲᠤᠬᠠᠶᠢᠯᠠᠭᠰᠠᠨ ᠠᠵᠢᠯ ᠢ ᠬᠠᠤᠯᠢ ᠶᠣᠰᠣᠭᠠᠷ ᠥᠨᠳᠥᠷ ᠦᠷ᠎ᠡ ᠪᠦᠲᠦᠮᠵᠢᠲᠡᠢ ᠭᠦᠢᠴᠡᠳᠬᠡᠵᠦ᠂ ᠤᠯᠠᠨ ᠲᠦᠮᠡᠨ ᠤ ᠵᠦᠢ ᠶᠣᠰᠣᠨ ᠤ ᠬᠦᠰᠡᠯ ᠱᠠᠭᠠᠷᠳᠠᠯᠭ᠎ᠠ ᠶᠢ ᠦᠨᠡᠨᠬᠦ ᠬᠠᠮᠠᠭᠠᠯᠠᠨ ᠂ ᠤᠯᠠᠨ ᠲᠦᠮᠡᠨ ᠤ ᠲᠤᠰᠬᠠᠭᠰᠠᠨ ᠠᠰᠠᠭᠤᠳᠠᠯ ᠢ ᠬᠠᠮᠤᠭ ᠤᠨ ᠰᠠᠶᠢᠨ᠂ ᠬᠠᠮᠤᠭ ᠤᠨ ᠲᠦᠷᠭᠡᠨ᠂ ᠬᠠᠮᠤᠭ ᠤᠨ ᠬᠠᠨᠤᠮᠵᠢᠲᠠᠢ ᠠᠷᠭ᠎ᠠ ᠮᠠᠶ᠋ᠢᠭ ᠢᠶᠠᠷ ᠰᠢᠢᠳᠪᠦᠷᠢᠯᠡᠭᠦᠯᠬᠦ ᠪᠠᠷ ᠴᠢᠷᠮᠠᠶᠢᠨ᠎ᠠ  ᠃
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号