ᠡᠵᠡᠨ ᠬᠤᠷᠤᠭ᠎ᠠ ᠬᠤᠰᠢᠭᠤᠨ ᠤ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠲᠥᠪ ᠮᠠᠯ ᠤᠨ ᠡᠮ ᠤᠨ ᠬᠠᠤᠯᠢ ᠬᠡᠷᠡᠭᠵᠢᠭᠦᠯᠦᠯᠲᠡ ᠶᠢᠨ ᠲᠤᠰᠬᠠᠶ ᠪᠠᠶᠢᠴᠠᠭᠠᠯᠲᠠ ᠶᠢᠨ ᠠᠵᠢᠯ ᠥᠷᠨᠢᠭᠦᠯᠪᠡ
ᠨᠡᠶᠢᠲᠡᠯᠡᠭᠰᠡᠨ ᠴᠠᠭ᠄
2021/7/30
       ᠲᠠᠷᠢᠶᠠᠯᠠᠩ ᠮᠠᠯ ᠠᠵᠤ ᠠᠬᠤᠶ ᠶᠢᠨ ᠦᠶᠯᠡᠳᠪᠦᠷᠢᠯᠡᠯ ᠢ ᠡᠬᠢ ᠡᠭᠦᠰᠦᠯ ᠠᠴᠠ ᠨᠢ ᠬᠠᠮᠢᠶᠠᠷᠤᠨ ᠡᠵᠡᠮᠳᠡᠬᠦ ᠶᠢ ᠰᠠᠶᠢᠲᠤᠷ ᠠᠳᠬᠤᠵᠤ᠂ ᠬᠠᠷᠢᠶᠠᠲᠤ ᠣᠷᠣᠨ ᠤ ᠵᠣᠨ ᠤ ᠤᠯᠠᠷᠢᠯ ᠤᠨ ᠮᠢᠬᠠᠨ ᠤ ᠪᠦᠲᠦᠭᠡᠭᠳᠡᠬᠦᠨ ᠤ ᠶᠠᠰᠤ ᠴᠢᠨᠠᠷ ᠎ ᠤᠨ ᠠᠮᠤᠷ ᠲᠦᠪᠰᠢᠨ ᠢ ᠪᠠᠲᠤᠯᠠᠬᠤ ᠶᠢᠨ ᠲᠥᠯᠥᠭᠡ᠂ ᠣᠶᠢᠷ᠎ᠠ ᠶᠢᠨ ᠡᠳᠦᠷ ᠤᠳ ᠲᠤ᠂ ᠡᠵᠡᠨ ᠬᠤᠷᠤᠭ᠎ᠠ ᠬᠤᠰᠢᠭᠤᠨ ᠤ ᠬᠢᠵᠢᠭ ᠰᠡᠷᠭᠡᠶᠢᠯᠡᠨ ᠡᠵᠡᠮᠳᠡᠬᠦ ᠲᠥᠪ ᠤᠨ ᠬᠢᠵᠢᠭ ᠪᠠᠶᠢᠴᠠᠭᠠᠵᠤ ᠬᠢᠨᠠᠯᠲᠠ ᠲᠠᠯᠪᠢᠬᠤ ᠲᠠᠰᠤᠭ ᠠᠴᠠ ᠪᠥᠬᠦ ᠬᠤᠰᠢᠭᠤᠨ ᠤ ᠮᠠᠯ ᠤᠨ ᠡᠮ ᠤᠨ ᠳᠡᠯᠭᠡᠭᠦᠷ ᠲᠤ ᠨᠡᠶᠢᠳᠡᠮ ᠴᠢᠨᠠᠷᠳᠠᠢ ᠮᠠᠯ ᠤᠨ ᠡᠮ ᠤᠨ ᠲᠤᠰᠬᠠᠶ ᠵᠦᠶᠯ ᠤᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢᠨ ᠠᠵᠢᠯ ᠥᠷᠨᠢᠭᠦᠯᠪᠡ  ᠃      ᠲᠣᠰ ᠤᠳᠠᠭᠠᠨ ᠤ ᠪᠠᠶᠢᠴᠠᠭᠠᠯᠲᠠ ᠳᠤ ᠭᠤᠤᠯᠳᠠᠭᠤ ᠮᠠᠯ ᠤᠨ ᠡᠮ ᠤᠨ ᠳᠡᠯᠭᠡᠭᠦᠷ ᠬᠤᠳᠠᠯ ᠬᠠᠭᠤᠷᠮᠠᠭ᠂ ᠬᠥᠮᠦᠨ ᠳᠤ ᠬᠡᠷᠡᠭᠯᠡᠬᠦ ᠡᠮ ᠵᠢᠴᠢ ᠴᠠᠭᠠᠵᠠᠲᠠᠶ ᠡᠮ ᠪᠣᠷᠣᠯᠠᠭᠤᠯᠤᠭᠰᠠᠨ ᠡᠰᠡᠬᠦ ᠳᠤ ᠴᠢᠭᠯᠡᠭᠦᠯᠦᠭᠰᠡᠨ ᠪᠠᠶᠢᠨ᠎ᠠ  ᠃ ᠲᠣᠰ ᠤᠳᠠᠭ᠎ᠠ ᠡᠵᠡᠨ ᠬᠤᠷᠤᠭ᠎ᠠ ᠬᠤᠰᠢᠭᠤᠨ ᠤ ᠮᠠᠯ ᠤᠨ ᠡᠮ ᠤᠨ 10 ᠳᠡᠯᠭᠡᠭᠦᠷ ᠢ ᠪᠠᠶᠢᠴᠠᠭᠠᠵᠤ᠂ ᠪᠠᠶᠢᠴᠠᠭᠠᠯᠲᠠ ᠪᠠᠷ ᠳᠡᠮᠵᠢᠨ᠂ ᠴᠠᠭᠠᠵᠠᠲᠠᠶ ᠡᠮ᠂ ᠬᠥᠮᠦᠨ ᠳᠤ ᠬᠡᠷᠡᠭᠯᠡᠬᠦ ᠡᠮ᠂ ᠬᠤᠭᠤᠴᠠᠭ᠎ᠠ ᠨᠢ ᠬᠡᠲᠦᠷᠡᠭᠰᠡᠨ ᠡᠮ ᠵᠡᠷᠭᠡ ᠶᠢ ᠡᠵᠡᠩᠨᠡᠵᠦ ᠬᠡᠷᠡᠭᠯᠡᠭᠰᠡᠨ ᠠᠵᠢᠯᠯᠠᠭ᠎ᠠ ᠢᠯᠡᠷᠡᠭᠰᠡᠨ ᠦᠬᠡᠢ᠃ ᠪᠠᠶᠢᠴᠠᠭᠠᠯᠲᠠ ᠳᠤ ᠣᠷᠣᠰᠢᠵᠤ ᠪᠠᠶᠢᠭ᠎ᠠ ᠳᠠᠩᠰᠠ ᠡᠪᠬᠡᠮᠡᠯ ᠨᠢ ᠪᠦᠷᠢᠨ ᠪᠤᠰᠤ᠂ ᠲᠡᠮᠳᠡᠭᠯᠡᠯ ᠨᠢ ᠪᠦᠷᠢᠨ ᠪᠤᠰᠤ᠂ ᠲᠡᠮᠳᠡᠭ ᠨᠢ ᠳᠤᠲᠠᠭᠳᠠᠭᠰᠠᠨ ᠵᠡᠷᠭᠡ ᠠᠰᠠᠭᠤᠳᠠᠯ ᠳᠤ ᠴᠢᠭᠯᠡᠭᠦᠯᠦᠨ ᠴᠡᠭᠴᠡᠯᠡᠨ ᠰᠠᠶᠢᠵᠢᠷᠠᠭᠤᠯᠬᠤ ᠰᠠᠨᠠᠯ ᠢᠶᠠᠨ ᠲᠤᠰ ᠲᠤᠰ ᠳᠤᠷᠠᠳᠴᠤ᠂ ᠬᠤᠭᠤᠴᠠᠭ᠎ᠠ ᠬᠢᠵᠠᠭᠠᠷᠯᠠᠨ ᠴᠡᠭᠴᠡᠯᠡᠨ ᠰᠠᠶᠢᠵᠢᠷᠠᠭᠤᠯᠬᠤ ᠪᠠᠷ ᠱᠠᠭᠠᠷᠳᠠᠪᠠ  ᠃      ᠲᠣᠰ ᠤᠳᠠᠭᠠᠨ ᠤ ᠮᠠᠯ ᠤᠨ ᠡᠮ ᠤᠨ ᠲᠤᠰᠬᠠᠶ ᠵᠦᠶᠯ ᠤᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠎ ᠶᠢᠨ ᠠᠵᠢᠯ ᠢᠶᠠᠷ ᠳᠠᠮᠵᠢᠭᠤᠯᠤᠨ ᠲᠣᠰ ᠭᠠᠵᠠᠷ ᠣᠷᠣᠨ ᠤ ᠮᠠᠯ ᠤᠨ ᠡᠮ ᠤᠨ ᠡᠵᠡᠩᠨᠡᠯᠲᠡ ᠬᠡᠷᠡᠭᠯᠡᠯᠲᠡ ᠶᠢᠨ ᠡᠮᠬᠢ ᠵᠢᠷᠤᠮ ᠢ ᠤᠯᠠᠮ ᠨᠢᠭᠡ ᠠᠯᠬᠤᠮ ᠵᠢᠷᠤᠮᠵᠢᠭᠤᠯᠵᠤ᠂ ᠮᠠᠯ ᠤᠨ ᠠᠰᠢᠭ ᠰᠢᠮ᠎ᠡ ᠶᠢᠨ ᠶᠠᠰᠤ ᠴᠢᠨᠠᠷ ᠤᠨ ᠠᠮᠤᠷ ᠲᠦᠪᠰᠢᠨ ᠤ ᠰᠠᠭᠤᠷᠢ ᠶᠢ ᠪᠠᠲᠤᠳᠬᠠᠪᠠ  ᠃ ᠲᠠᠷᠠᠭᠠᠴᠢ ᠶᠢᠨ ᠠᠯᠬᠤᠮ ᠳᠤ᠂ ᠡᠵᠡᠨ ᠬᠤᠷᠤᠭ᠎ᠠ ᠬᠤᠰᠢᠭᠤᠨ ᠤ ᠬᠢᠵᠢᠭ ᠢ ᠰᠡᠷᠭᠡᠶᠢᠯᠡᠨ ᠬᠤᠷᠢᠭᠯᠠᠬᠤ ᠲᠥᠪ ᠲᠤᠰᠬᠠᠶ ᠬᠦᠴᠦᠨ ᠢ ᠵᠣᠬᠢᠶᠠᠨ ᠪᠠᠶᠢᠭᠤᠯᠵᠤ᠂ ᠪᠥᠬᠦ ᠬᠤᠰᠢᠭᠤᠨ ᠤ ᠭᠠᠭ᠋ᠠᠶ ᠨᠢᠲᠤᠯᠬᠤ ᠲᠣᠭᠲᠠᠭᠰᠠᠨ ᠲᠠᠯᠠᠪᠠᠶ᠂ ᠬᠡᠪᠴᠢᠶᠡᠲᠦ ᠲᠡᠵᠢᠭᠡᠨ ᠦᠷᠡᠵᠢᠭᠦᠯᠬᠦ ᠲᠠᠯᠠᠪᠠᠶ ᠵᠡᠷᠭᠡ ᠭᠤᠤᠯᠳᠠᠯᠭ᠎ᠠ ᠲᠠᠢ ᠲᠠᠯᠠᠪᠤᠷ ᠲᠤ ᠪᠥᠬᠦ ᠲᠠᠯ᠎ᠠ ᠶᠢᠨ ᠪᠠᠶᠢᠴᠠᠭᠠᠯᠲᠠ ᠬᠢᠵᠦ᠂ ᠬᠠᠷᠢᠶᠠᠲᠤ ᠣᠷᠣᠨ ᠤ ᠲᠡᠵᠢᠭᠡᠨ ᠦᠷᠡᠵᠢᠭᠦᠯᠬᠦ ᠲᠠᠯᠠᠪᠠᠶ ᠡᠷᠦᠬᠡ ᠶᠢᠨ ᠨᠡᠶᠢᠭᠡᠮ ᠨᠡᠶᠢᠲᠡ ᠳᠤ 《 ᠰᠠᠨᠠᠭ᠎ᠠ ᠠᠮᠤᠷ ᠮᠢᠬ᠎ᠠ 》 ᠬᠠᠩᠭᠠᠬᠤ ᠶᠢ ᠰᠠᠶᠢᠲᠤᠷ ᠪᠠᠲᠤᠯᠠᠨ᠎ᠠ  ᠃
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号