ᠡᠵᠡᠨ ᠬᠤᠷᠤᠭ᠎ᠠ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠮᠡᠷᠭᠡᠵᠢᠯ ᠢ ᠳᠡᠯᠭᠡᠷᠡᠭᠦᠯᠬᠦ ᠲᠥᠪ ᠲᠠᠷᠢᠶᠠᠨ ᠡᠮ ᠤᠨ ᠪᠣᠭᠤᠳᠠᠯ ᠤᠨ ᠬᠠᠶᠠᠭᠳᠠᠮᠠᠯ ᠪᠣᠳᠠᠰ ᠢ ᠬᠤᠷᠢᠶᠠᠨ ᠠᠪᠴᠤ ᠰᠢᠶᠳᠪᠦᠷᠢᠯᠡᠬᠦ ᠠᠵᠢᠯ ᠤᠨ ᠲᠤᠬᠠᠶ ᠶᠢᠨ ᠭᠠᠵᠠᠷ ᠤᠨ ᠬᠤᠷᠠᠯ ᠡᠷᠭᠢᠯᠡᠪᠡ
ᠨᠡᠶᠢᠲᠡᠯᠡᠭᠰᠡᠨ ᠴᠠᠭ᠄
2021/7/30
        ᠡᠵᠡᠨ ᠬᠤᠷᠤᠭ᠎ᠠ ᠬᠤᠰᠢᠭᠤᠨ ᠤ ᠲᠠᠷᠢᠶᠠᠯᠠᠩ ᠤᠨ ᠣᠯᠠᠨ ᠡᠬᠢᠲᠦ ᠪᠣᠬᠢᠷᠲᠤᠯ ᠤᠨ ᠵᠠᠰᠠᠯᠲᠠ ᠶᠢ ᠲᠦᠷᠭᠡᠳᠬᠡᠨ ᠠᠬᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠰᠠᠭᠤᠬᠤ ᠣᠷᠴᠢᠨ ᠲᠣᠭᠤᠷᠢᠨ ᠢ ᠰᠠᠶᠢᠵᠢᠷᠠᠭᠤᠯᠤᠨ᠂ ᠲᠥᠷᠥᠯ ᠵᠦᠶᠯ ᠤᠨ ᠪᠠᠯᠠ ᠮᠥᠩᠭᠦ ᠶᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠵᠤ᠂ ᠲᠠᠷᠢᠶᠠᠨ ᠡᠮ ᠤᠨ ᠪᠣᠭᠤᠳᠠᠯ ᠤᠨ ᠬᠠᠶᠠᠭᠳᠠᠮᠠᠯ ᠪᠣᠳᠠᠰ ᠢ ᠵᠠᠰᠠᠬᠤ ᠡᠭᠦᠷᠭᠡ ᠶᠢ ᠬᠤᠭᠤᠴᠠᠭ᠎ᠠ ᠶᠣᠰᠣᠭᠠᠷ ᠪᠡᠶᠡᠯᠡᠭᠦᠯᠬᠦ ᠶᠢᠨ ᠲᠥᠯᠥᠭᠡ᠂ 6 ᠰᠠᠷ᠎ᠠ ᠶᠢᠨ 29᠎ ᠤ ᠦᠳᠡ ᠶᠢᠨ ᠡᠮᠦᠨ᠎ᠡ᠂ ᠡᠵᠡᠨ ᠬᠤᠷᠤᠭ᠎ᠠ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠮᠡᠷᠭᠡᠵᠢᠯ ᠳᠡᠯᠭᠡᠷᠡᠭᠦᠯᠬᠦ ᠲᠥᠪ ᠠᠴᠠ ᠡᠯ᠎ᠡ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠤ ᠲᠠᠷᠢᠶᠠᠨ ᠡᠮ ᠤᠨ ᠪᠣᠭᠤᠳᠠᠯ ᠤᠨ ᠬᠠᠶᠠᠭᠳᠠᠮᠠᠯ ᠪᠣᠳᠠᠰ ᠢ ᠬᠤᠷᠢᠶᠠᠨ ᠠᠪᠴᠤ ᠰᠢᠶᠳᠪᠦᠷᠢᠯᠡᠬᠦ ᠠᠵᠢᠯ ᠤᠨ ᠤᠳᠤᠷᠢᠳᠤᠯᠭ᠎ᠠ᠂ ᠲᠤᠬᠠᠶᠢᠯᠠᠭᠰᠠᠨ ᠠᠵᠢᠯ ᠤᠨ ᠭᠤᠤᠯᠯᠠᠭᠴᠢ ᠬᠦᠴᠦᠨ᠂ ᠡᠯ᠎ᠡ ᠪᠠᠯᠭᠠᠰᠤᠨ ᠤ ᠱᠠᠲᠤᠨ ᠤ ᠲᠠᠷᠢᠶᠠᠨ ᠡᠮ ᠤᠨ ᠪᠣᠭᠤᠳᠠᠯ ᠤᠨ ᠬᠠᠶᠠᠭᠳᠠᠮᠠᠯ ᠪᠣᠳᠠᠰ ᠢ ᠬᠤᠷᠢᠶᠠᠨ ᠠᠪᠴᠤ ᠰᠢᠶᠳᠪᠦᠷᠢᠯᠡᠬᠦ ᠲᠥᠪ ᠤᠨ ᠬᠠᠷᠢᠭᠤᠴᠠᠯᠭᠠᠲᠠᠨ ᠢ ᠵᠣᠬᠢᠶᠠᠨ ᠪᠠᠶᠢᠭᠤᠯᠵᠤ᠂ ᠬᠤᠰᠢᠭᠤ ᠱᠠᠲᠤᠨ ᠤ ᠲᠠᠷᠢᠶᠠᠨ ᠡᠮ ᠤᠨ ᠪᠣᠭᠤᠳᠠᠯ ᠤᠨ ᠬᠠᠶᠠᠭᠳᠠᠮᠠᠯ ᠪᠣᠳᠠᠰ ᠢ ᠬᠤᠷᠢᠶᠠᠨ ᠠᠪᠴᠤ ᠰᠢᠶᠳᠪᠦᠷᠢᠯᠡᠬᠦ ᠠᠵᠢᠯ ᠤᠨ ᠲᠤᠬᠠᠶ ᠶᠢᠨ ᠭᠠᠵᠠᠷ ᠤᠨ ᠬᠤᠷᠠᠯ ᠬᠤᠷᠠᠯᠳᠤᠭᠤᠯᠪᠠ  ᠃      ᠬᠤᠷᠠᠯ ᠨᠢ ᠭᠤᠤᠯᠳᠠᠭᠤ ᠡᠵᠡᠨ ᠬᠤᠷᠤᠭ᠎ᠠ ᠬᠤᠰᠢᠭᠤᠨ ᠤ ᠲᠠᠷᠢᠶᠠᠨ ᠡᠮ ᠤᠨ ᠪᠣᠭᠤᠳᠠᠯ ᠤᠨ ᠬᠠᠶᠠᠭᠳᠠᠮᠠᠯ ᠪᠣᠳᠠᠰ ᠢ ᠬᠤᠷᠢᠶᠠᠨ ᠠᠪᠴᠤ ᠰᠢᠶᠳᠪᠦᠷᠢᠯᠡᠬᠦ ᠲᠥᠷᠥᠯ ᠵᠦᠶᠯ ᠤᠨ ᠲᠣᠭᠤᠷᠢᠨ ᠳᠤ᠂ ᠨᠢᠭᠡᠨᠲᠡ ᠪᠠᠶᠢᠭᠤᠯᠤᠭᠰᠠᠨ ᠡᠵᠡᠨ ᠬᠤᠷᠤᠭ᠎ᠠ ᠬᠤᠰᠢᠭᠤᠨ ᠤ ᠲᠠᠷᠢᠶᠠᠨ ᠡᠮ ᠤᠨ ᠬᠠᠶᠠᠭᠳᠠᠮᠠᠯ ᠪᠣᠳᠠᠰ ᠢ ᠬᠤᠷᠢᠶᠠᠨ ᠠᠪᠴᠤ ᠰᠢᠶᠳᠪᠦᠷᠢᠯᠡᠬᠦ ᠲᠥᠪ ᠤᠨ ᠪᠥᠲᠥᠭᠡᠨ ᠪᠠᠶᠢᠭᠤᠯᠤᠯᠲᠠ ᠶᠢᠨ ᠠᠭᠤᠯᠭ᠎ᠠ᠂ ᠠᠵᠢᠯᠯᠠᠭᠠᠨ ᠤ ᠲᠣᠭᠲᠠᠴᠠ᠂ ᠲᠦᠷᠢᠮ ᠤᠨ ᠪᠣᠷᠣ ᠲᠥᠯᠥᠪ᠂ ᠪᠠᠴᠢᠮ ᠪᠠᠶᠢᠳᠠᠯ ᠢ ᠠᠷᠭᠠᠴᠠᠭᠠᠬᠤ ᠵᠢᠴᠢ ᠠᠮᠤᠷ ᠲᠦᠪᠰᠢᠨ ᠤ ᠰᠡᠷᠭᠡᠶᠢᠯᠡᠨ ᠡᠵᠡᠮᠳᠡᠬᠦ ᠵᠡᠷᠭᠡ ᠠᠭᠤᠯᠭ᠎ᠠ ᠎ ᠶᠢ ᠵᠣᠬᠢᠶᠠᠨ ᠪᠠᠶᠢᠭᠤᠯᠵᠤ ᠲᠣᠭᠤᠷᠢᠨ ᠦᠵᠡᠵᠦ ᠰᠤᠷᠤᠯᠴᠠᠪᠠ  ᠃ ᠡᠭᠦᠨ ᠤ ᠬᠠᠮᠲᠤ ᠲᠠᠷᠠᠭᠠᠴᠢ ᠶᠢᠨ ᠠᠯᠬᠤᠮ ᠳᠤ ᠲᠠᠷᠢᠶᠠᠨ ᠡᠮ ᠤᠨ ᠪᠣᠭᠤᠳᠠᠯ ᠤᠨ ᠬᠠᠶᠠᠭᠳᠠᠮᠠᠯ ᠪᠣᠳᠠᠰ ᠢ ᠬᠤᠷᠢᠶᠠᠨ ᠠᠪᠴᠤ ᠰᠢᠶᠳᠪᠦᠷᠢᠯᠡᠬᠦ ᠬᠠᠮᠢᠶ᠎ᠠ ᠪᠥᠬᠦᠶ ᠠᠵᠢᠯ ᠎ ᠢ ᠳᠠᠬᠢᠨ ᠲᠣᠬᠢᠷᠠᠭᠤᠯᠵᠤ᠂ ᠳᠠᠬᠢᠨ ᠪᠠᠶᠢᠷᠢᠯᠠᠭᠤᠯᠵᠤ᠂ ᠳᠠᠬᠢᠨ ᠴᠢᠬᠤᠯᠠᠴᠢᠯᠠᠪᠠ  ᠃ ᠲᠠᠷᠢᠶᠠᠨ ᠡᠮ ᠤᠨ ᠬᠠᠶᠠᠭᠳᠠᠮᠠᠯ ᠪᠣᠳᠠᠰ ᠢ ᠪᠣᠭᠤᠳᠠᠯᠯᠠᠬᠤ ᠬᠠᠶᠠᠭᠳᠠᠮᠠᠯ ᠪᠣᠳᠠᠰ ᠢ ᠰᠢᠶᠳᠪᠦᠷᠢᠯᠡᠬᠦ ᠶᠢ ᠲᠦᠷᠭᠡᠳᠬᠡᠨ ᠠᠬᠢᠭᠤᠯᠵᠤ᠂ ᠲᠠᠷᠢᠶᠠᠯᠠᠩ ᠤᠨ ᠣᠯᠠᠨ ᠡᠬᠢᠲᠦ ᠪᠣᠬᠢᠷᠲᠤᠯ ᠢ ᠪᠠᠭᠠᠰᠬᠠᠵᠤ᠂ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠢ ᠳᠡᠭᠡᠭᠰᠢᠯᠡᠭᠦᠯᠵᠦ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠪᠠ ᠠᠮᠢ ᠠᠬᠤᠶ ᠶᠢᠨ ᠪᠣᠯᠪᠠᠰᠤᠨ ᠎ ᠤ ᠪᠠᠶᠢᠭᠤᠯᠤᠯᠲᠠ ᠶᠢ ᠠᠬᠢᠭᠤᠯᠤᠨ᠎ᠠ  ᠃
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号